2022-03-15 15:55:05
3 ᠰᠠᠷ᠎ᠠ᠎ᠶ᠋ᠢᠨ 14 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠤᠭᠤᠳᠭᠤ ᠭᠠᠵᠠᠷ᠎ᠤᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶ᠎ᠠ᠎ᠠᠴᠠ 88 ᠬᠥᠮᠥᠨ᠎ᠢᠶᠠᠷ ᠪᠦᠷᠢᠯᠳᠦᠭ᠌ᠰᠡᠨ ᠡᠮᠴᠢᠯᠡᠭᠡᠨ᠎ᠤ ᠠᠩᠭᠢ᠎ᠶ᠋ᠢ ᠬᠢᠷᠢᠨ ᠮᠤᠵᠢ᠎ᠳᠤ ᠲᠣᠮᠢᠯᠠᠵᠤ᠂ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠲᠠᠢ ᠲᠡᠮᠡᠴᠡᠬᠦ ᠠᠵᠢᠯ᠎ᠢ ᠳᠡᠮᠵᠢᠵᠡᠢ᠃
3 ᠰᠠᠷ᠎ᠠ᠎ᠶ᠋ᠢᠨ 14 ᠤ᠋ ᠡᠳᠦᠷ᠎ᠤᠨ ᠦᠳᠡ᠎ᠶ᠋ᠢᠨ ᠡᠮᠦᠨ᠎ᠡ᠂ ᠮᠣᠷᠳᠠᠬᠤ᠎ᠠᠴᠠ ᠡᠮᠦᠨᠡᠬᠢ ᠡᠯ᠎ᠡ ᠵᠦᠢᠯ᠎ᠤᠨ ᠪᠠᠢᠴᠠᠭᠠᠯᠲᠠ ᠬᠢᠭ᠌ᠰᠡᠨ᠎ᠤ ᠳᠠᠷᠠᠭ᠎ᠠ᠂ ᠡᠮᠴᠢᠯᠡᠭᠡᠨ᠎ᠤ ᠠᠩᠭᠢ᠎ᠶ᠋ᠢᠨ 88 ᠭᠡᠱᠢᠭᠦᠨ ᠦᠪᠴᠢ ᠬᠤᠶᠠᠭᠯᠠᠨ ᠮᠣᠷᠳᠠᠪᠠ᠃ ᠡᠨᠡ ᠤᠳᠠᠭ᠎ᠠ᠎ᠵᠢᠨ ᠭᠢᠷᠢᠨ ᠮᠤᠵᠢ᠎ᠶ᠋ᠢ ᠲᠤᠰᠠᠯᠠᠬᠤ ᠡᠮᠴᠢᠯᠡᠭᠡᠨ᠎ᠤ ᠠᠩᠭᠢ᠎ᠶ᠋ᠢᠨ ᠳᠠᠷᠤᠭ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠳᠣᠲᠣᠷ ᠪᠥᠭᠡᠷ᠎ᠡ᠎ᠶ᠋ᠢᠨ ᠰᠠᠯᠠᠭᠠᠨ᠎ᠤ ᠳᠡᠳ᠋ ᠡᠷᠬᠢᠯᠡᠭ᠌ᠴᠢ ᠢᠦᠢ ᠯᠧᠢ᠄ 《ᠠᠶᠤᠯ ᠲᠦᠭ᠌ᠰᠢᠭᠦᠷᠢ᠎ᠶ᠋ᠢᠨ ᠡᠮᠦᠨ᠎ᠡ ᠡᠭᠦᠷᠭᠡ ᠬᠦᠯᠢᠶᠡᠵᠦ᠍ ᠪᠠᠢᠭ᠎ᠠ ᠪᠣᠯᠬᠤᠷ ᠡᠭᠦᠷᠭᠡ ᠬᠠᠷᠢᠭᠤᠴᠠᠯᠭ᠎ᠠ ᠢᠷᠠᠭᠤ ᠠᠯᠳᠠᠷᠲᠠᠢ ᠪᠦᠭᠡᠳ ᠪᠠᠰᠠ ᠪᠡᠷᠬᠡ ᠬᠠᠲᠠᠭᠤᠵᠢᠯᠲᠠᠢ ᠰᠠᠨᠠᠭᠳᠠᠵᠤ ᠪᠠᠢᠨ᠎ᠠ᠃ ᠡᠮᠴᠢᠯᠡᠭᠡᠨ᠎ᠤ ᠠᠩᠭᠢ᠎ᠶ᠋ᠢᠨ᠎ᠬᠢᠨ ᠯᠠᠪᠲᠠᠶ ᠶᠠᠭᠤᠨ᠎ᠠᠴᠠ ᠴᠤ᠌ ᠠᠶᠤᠬᠤ ᠦᠭᠡᠢ ᠰᠥᠰᠥ᠍ ᠵᠣᠷᠢᠭ᠂ ᠬᠠᠷᠠᠮ ᠦᠭᠡᠢ ᠵᠣᠷᠢᠭᠤᠯᠬᠤ ᠵᠤᠷᠢᠭᠰᠠᠨᠠᠭᠠ ᠪᠡᠷ ᠤᠷᠢᠶᠠᠯᠠᠭ᠎ᠠ᠎ᠶ᠋ᠢ ᠢᠳᠡᠪᠬᠢᠲᠡᠢᠴᠤᠤᠷᠢᠶᠠᠲᠤᠨ ᠳᠠᠭᠠᠵᠤ᠂ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠭᠢᠷᠢᠨ ᠮᠤᠵᠢ᠎ᠶ᠋ᠢ ᠲᠤᠰᠠᠯᠠᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠲᠠᠢ ᠲᠡᠮᠡᠴᠡᠬᠦ ᠡᠭᠦᠷᠭᠡ᠎ᠶ᠋ᠢᠨ ᠢᠯᠠᠯᠲᠠ᠎ᠶ᠋ᠢ ᠡᠷᠲᠡᠬᠡᠨ ᠲᠡᠮᠡᠴᠡᠵᠦ ᠣᠯᠬᠤ ᠶᠤᠮ》 ᠭᠡᠵᠦ ᠢᠯᠡᠳᠭᠡᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶ᠎ᠠ᠎ᠶ᠋ᠢᠨ ᠳᠡᠳ᠋ ᠳᠠᠷᠤᠭ᠎ᠠ ᠶᠤᠸᠠᠨ ᠵᠢᠶᠦ᠋ᠨ ᠡᠮᠴᠢᠯᠡᠭᠡᠨ᠎ᠤ ᠠᠩᠭᠢ᠎ᠶ᠋ᠢ ᠦᠳᠡᠨ ᠮᠣᠷᠳᠠᠭᠤᠯᠬᠤ᠎ᠳᠠᠭᠠᠨ᠄《ᠨᠢᠭᠡ ᠨᠢ ᠬᠦᠴᠢᠷᠳᠡᠪᠠᠯ ᠨᠡᠢᠳᠡ ᠪᠡᠷ᠎ᠢᠶᠡᠨ ᠲᠤᠰᠠᠯᠠᠨ᠎ᠠ᠂ ᠡᠨᠡ ᠤᠳᠠᠭᠠᠨ᠎ᠤ ᠲᠤᠰᠠᠯᠠᠬᠤ ᠪᠡᠷ ᠤᠴᠢᠬᠤ ᠡᠮᠴᠢᠯᠡᠭᠡᠨ᠎ᠤ ᠠᠡᠭᠭᠢ᠎ᠵᠢᠨ ᠬᠢᠨᠠᠵᠢᠯᠤᠨ ᠰᠠᠬᠢᠯᠭ᠎ᠠ ᠪᠠᠲᠤ ᠪᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠭᠠᠯ᠎ᠢ ᠴᠢᠩᠭ᠎ᠠ ᠰᠠᠬᠢᠵᠤ᠂ ᠵᠢᠯᠣᠭᠤᠳᠤᠯᠭ᠎ᠠ᠎ᠶ᠋ᠢ ᠳᠠᠭᠠᠬᠤ ᠬᠡᠷᠡᠭ᠌ᠲᠡᠢ; ᠡᠪᠡᠳᠴᠢᠲᠡᠨ᠎ᠢ ᠪᠦᠬᠦ᠌ ᠬᠦᠴᠦᠨ᠎ᠢᠶᠠᠷ᠎ᠢᠶᠠᠨ ᠠᠪᠤᠷᠠᠨ ᠡᠮᠨᠡᠵᠦ᠍᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ ᠲᠠᠢ ᠲᠡᠮᠡᠴᠡᠬᠦ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠬᠤ ᠬᠡᠷᠡᠭ᠌ᠲᠡᠢ᠃ ᠠᠪᠤᠷᠠᠨ ᠡᠮᠨᠡᠬᠦ ᠶᠠᠪᠤᠴᠠ᠎ᠳᠤ ᠬᠤᠪᠢ ᠬᠥᠮᠥᠨ᠎ᠤ ᠬᠠᠮᠠᠭᠠᠯᠠᠯᠲᠠ᠎ᠶ᠋ᠢ ᠰᠠᠢᠲᠤᠷ ᠬᠢᠵᠦ᠍᠂ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠦᠭᠡᠢ᠎ᠪᠠᠷ ᠡᠭᠦᠷᠭᠡ᠎ᠪᠠᠨ ᠡᠷᠲᠡᠬᠡᠨ ᠲᠡᠭᠦᠰ ᠠᠮᠵᠢᠯᠲᠠ ᠲᠠᠢ ᠪᠡᠶᠡᠯᠡᠭᠦᠯᠵᠦ᠍ ᠠᠮᠤᠷ ᠲᠦᠪᠱᠢᠨ ᠢᠯᠠᠯᠲᠠ᠎ᠲᠠᠢ᠎ᠪᠠᠷ ᠪᠤᠴᠠᠵᠤ ᠢᠷᠡᠭᠡᠷᠡᠢ》 ᠭᠡᠵᠦ ᠵᠠᠬᠢᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃