2022-03-16 09:44:24
ᠤᠢᠷ᠎ᠠ᠎ᠳ᠋ᠤ᠂ ᠥᠪᠡᠷᠲᠡᠭᠡᠨ ᠵᠠᠰᠠᠬᠤ ᠣᠷᠣᠨ ᠤ ᠵᠡᠮᠳᠡᠭ᠌ᠴᠦᠳ᠎ᠦᠨ ᠬᠣᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠬᠢᠵᠢᠭ᠎ᠢ ᠰᠡᠷᠭᠡᠢᠯᠡᠬᠦ᠌ ᠡᠳ᠋ ᠪᠣᠳᠠᠰ ᠵᠣᠭᠣᠰ ᠮᠥᠩᠭᠥ᠌ ᠬᠠᠨᠳᠢᠪᠯᠠᠬᠤ ᠶᠣᠰᠣᠯᠠᠯ ᠶᠠᠪᠤᠭᠤᠯᠵᠤ᠂ ᠣᠢᠷ᠎ᠠ ᠶ᠋ᠢᠨ ᠬᠤᠭᠤᠴᠠᠭᠠᠨ᠎ᠳᠤ ᠵᠣᠬᠢᠶᠠᠨ ᠪᠠᠢᠭᠤᠯᠵᠤ ᠴᠤᠭ᠍ᠯᠠᠭᠤᠯᠤᠭ᠍ᠰᠠᠨ ᠬᠢᠵᠢᠭ ᠢ ᠰᠡᠷᠭᠡᠢᠯᠡᠬᠦ᠌ ᠡᠳ᠋ ᠪᠣᠳᠠᠰ᠂ ᠠᠮᠢᠳᠤᠷᠠᠯ᠎ᠤᠨ ᠬᠡᠷᠡᠭᠰᠡᠯ᠎ᠢ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ ᠪᠣᠯᠤᠨ ᠬᠦᠴᠢᠷᠳᠡᠯᠲᠡᠶ ᠵᠡᠮᠳᠡᠭ᠌ᠴᠦᠳ᠎ᠦᠨ ᠬᠡᠷ ᠪᠦᠯᠢ ᠳᠦ ᠬᠦᠷᠭᠡᠪᠠ᠃
ᠬᠥᠬᠡᠬᠣᠲᠠ᠂ ᠪᠤᠭᠤᠲᠤ ᠬᠣᠲᠠ ᠵᠡᠷᠭᠡ ᠭᠠᠵᠠᠷ ᠤᠨ ᠬᠦᠨᠳᠦ ᠨᠣᠴᠢᠲᠠᠶ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠪᠠᠢᠳᠠᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠡᠮᠳᠡᠭ᠌ᠴᠦᠳ ᠦᠨ ᠠᠰᠠᠷᠠᠮᠵᠢ ᠶ᠋ᠢᠨ ᠰᠠᠭᠤᠷᠢ ᠮᠥᠩᠭᠥᠨ ᠦ ᠨᠡᠢᠭᠡᠮᠯᠢᠭ ᠣᠷᠣᠨ ᠤ ᠳᠣᠲᠣᠨ᠎ᠠ ᠭᠠᠳᠠᠨᠠᠬᠢ ᠬᠠᠢᠷ᠎ᠠ ᠬᠠᠯᠠᠮᠵᠢ ᠶ᠋ᠢᠨ ᠵᠣᠬᠢᠶᠠᠨ ᠪᠠᠢᠭᠤᠯᠤᠯᠲᠠ ᠪᠣᠯᠤᠨ ᠬᠠᠢᠷ᠎ᠠ ᠬᠠᠯᠠᠮᠵᠢ ᠶ᠋ᠢᠨ ᠨᠢᠭᠡᠴᠢ᠎ᠶ᠋ᠢ ᠢᠳᠡᠪᠬᠢᠲᠡᠶ᠎ᠪᠡᠷ ᠤᠷᠢᠶᠠᠯᠠᠨ ᠵᠣᠭᠣᠰ ᠮᠥᠩᠭᠥ᠌ ᠡᠳ᠋ ᠪᠣᠳᠠᠰ ᠴᠤᠬᠯᠠᠭᠤᠯᠬᠤ᠎ᠶᠢᠨ ᠬᠠᠮᠳᠦ ᠲᠸᠩ ᠱᠢᠶᠦ᠋ᠨ ᠨᠡᠢᠲᠡ᠎ᠶ᠋ᠢᠨ ᠠᠰᠠᠷᠠᠮᠵᠢ᠎ᠶ᠋ᠢᠨ ᠲᠠᠪᠴᠠᠩ᠎ᠳᠤ 《ᠬᠢᠵᠢᠭ ᠲᠡᠶ ᠲᠡᠮᠡᠴᠡᠬᠦ᠌᠎ᠳᠦ ᠶᠡᠬᠡ ᠬᠠᠢᠷ᠎ᠠ᠎ᠪᠠᠨ ᠡᠷᠭᠦᠬᠦ᠌》 ᠭᠤᠤᠯ ᠰᠡᠳᠦᠪᠲᠦ ᠰᠦᠯᠵᠢᠶ᠎ᠡ᠎ᠪᠡᠷ ᠵᠣᠭᠣᠰ ᠮᠦᠩᠬᠦ ᠴᠤᠭ᠍ᠯᠠᠭᠤᠯᠬᠤ ᠠᠵᠢᠯᠯᠠᠭ᠎ᠠ ᠥᠷᠨᠢᠭᠦᠯᠵᠦ᠍᠂ ᠬᠢᠵᠢᠭ᠎ᠦᠨ ᠪᠠᠢᠳᠠᠯ ᠭᠠᠷᠤᠬᠰᠠᠨ ᠨᠡᠢᠭᠡᠮ ᠲᠣᠭᠣᠷᠢᠭ᠎ᠲᠤ ᠡᠳ᠋ ᠪᠣᠳᠠᠰ ᠴᠤᠭ᠍ᠯᠠᠭᠤᠯᠵᠤ᠂ ᠵᠡᠮᠳᠡᠭ᠌ᠴᠦᠳ ᠵᠢᠴᠢ ᠶᠠᠳᠠᠭᠤ ᠬᠦᠴᠢᠷᠳᠡᠯᠲᠡᠶ ᠬᠡᠷ ᠪᠦᠯᠢ ᠶ᠋ᠢᠨ ᠬᠦᠴᠢᠷᠳᠡᠯ ᠢ᠎ᠨᠢ ᠱᠢᠶ᠋ᠳᠪᠦᠷᠢᠯᠡᠵᠦ᠍ ᠥᠭ᠌ᠪᠡ᠃ ᠡᠬᠦᠨ᠎ᠳᠤ᠂ 2 ᠰᠠᠷ᠎ᠠ᠎ᠶ᠋ᠢᠨ 28᠎ᠤ᠋ ᠦᠳᠡ᠎ᠶ᠋ᠢᠨ ᠬᠣᠢᠨᠠᠬᠢ 15 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠠᠰᠠᠷᠠᠮᠵᠢ ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠨᠢ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠠᠰᠠᠷᠠᠮᠵᠢ ᠶ᠋ᠢᠨ ᠰᠠᠭᠤᠷᠢ ᠮᠥᠩᠭᠥᠨ ᠦ ᠨᠡᠢᠭᠡᠮᠯᠢᠭ ᠢ ᠪᠠᠭ᠍ᠲᠠᠭᠠᠭ᠍ᠰᠠᠨ ᠣᠷᠣᠨ ᠤ ᠳᠣᠲᠣᠨ᠎ᠠ ᠭᠠᠳᠠᠨᠠᠬᠢ 10 ᠭᠠᠷᠤᠶ ᠬᠠᠢᠷ᠎ᠠ ᠬᠠᠯᠠᠮᠵᠢ᠎ᠶ᠋ᠢᠨ ᠵᠣᠬᠢᠶᠠᠨ ᠪᠠᠢᠭᠤᠯᠤᠯᠲᠠ ᠪᠣᠯᠤᠨ ᠨᠢᠭᠡᠴᠢ ᠵᠢᠴᠢ 20 ᠭᠠᠷᠤᠶ ᠬᠠᠢᠷ᠎ᠠ ᠬᠠᠯᠠᠮᠵᠢ᠎ᠶ᠋ᠢᠨ ᠠᠵᠤ ᠠᠬᠤᠢᠯᠠᠯ ᠤᠨ ᠬᠠᠨᠳᠢᠪᠯᠠᠭ᠍ᠰᠠᠨ 17 ᠲᠥᠷᠥᠯ᠎ᠦᠨ 36.5 ᠲᠦᠮᠡᠨ ᠲᠥᠭᠥᠷᠢᠭ᠎ᠤᠨ ᠦᠷᠳᠡᠭ ᠪᠦᠬᠦᠢ ᠬᠢᠵᠢᠭ ᠢ ᠰᠡᠷᠭᠡᠢᠯᠡᠬᠦ᠌ ᠡᠳ᠋ ᠪᠣᠳᠠᠰ ᠵᠢᠴᠢ ᠠᠮᠢᠳᠤᠷᠠᠯ᠎ᠤᠨ ᠬᠡᠷᠡᠭᠰᠡᠯ ᠢ ᠬᠤᠷᠢᠶᠠᠨ ᠤᠯᠵᠦ᠂ ᠰᠦᠯᠵᠢᠶ᠎ᠡ᠎ᠪᠡᠷ ᠳᠠᠮᠵᠢᠨ 21028 ᠲᠥᠭᠥᠷᠢᠭ ᠴᠤᠭ᠍ᠯᠠᠭᠤᠯᠵᠤ᠂ ᠡᠳᠡᠭᠡᠷ ᠡᠳ᠋ ᠪᠤᠳᠠᠰ ᠪᠠ ᠵᠤᠭᠤᠰ ᠮᠦᠩᠬᠦ ᠵᠢ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ ᠪᠣᠯᠤᠨ ᠬᠦᠴᠢᠷᠳᠡᠯᠲᠡᠶ ᠵᠡᠮᠳᠡᠭ᠌ᠴᠦᠳ᠎ᠦᠨ ᠬᠡᠷ ᠪᠦᠯᠢ᠎ᠳᠦ ᠬᠦᠷᠭᠡᠪᠠ᠃ ᠳᠠᠷᠠᠭᠠᠴᠢ ᠪᠡᠷ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ ᠦ ᠨᠡᠢᠭᠡᠮᠯᠢᠭ ᠨᠢ ᠲᠤᠰᠭᠠᠶ ᠬᠥᠮᠦᠨ ᠵᠣᠬᠢᠶᠠᠨ ᠪᠠᠢᠭᠤᠯᠵᠤ᠂ ᠬᠢᠵᠢᠭ ᠢ ᠰᠡᠷᠭᠡᠢᠯᠡᠬᠦ᠌ ᠵᠣᠭᠣᠰ ᠮᠥᠩᠭᠥ᠌ ᠡᠳ᠋ ᠪᠣᠳᠠᠰ᠎ᠢ ᠬᠥᠬᠡᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ ᠵᠢᠴᠢ ᠲᠤᠰᠠᠭᠠᠷᠯᠠᠬᠤ ᠵᠣᠴᠢᠳ᠎ᠤᠨ ᠪᠠᠭᠤᠳᠠᠯ᠎ᠳᠤ ᠬᠦᠷᠭᠡᠵᠦ᠍᠂ ᠬᠢᠵᠢᠭ᠎ᠲᠡᠶ ᠲᠡᠮᠡᠴᠡᠬᠦ᠌ ᠬᠤᠷᠢᠬᠯᠠᠯᠳᠠ ᠵᠢᠨ ᠳᠠᠢᠯᠠᠯᠳᠤᠭᠠᠨ᠎ᠳᠤ ᠦᠷᠬᠦᠯᠵᠢᠯᠡᠨ ᠬᠦᠴᠦᠨ ᠨᠡᠮᠡᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃