ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-03-21 10:33:55

ᠵᠣᠬᠢᠶᠠᠭ᠍ᠴᠢ᠄ ​ ᠰᠠᠴᠤᠷᠠᠯ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠬᠦᠬᠡᠬᠤᠲᠠ᠎ᠶᠢᠨ ᠠᠬᠠᠮᠠᠳ ᠺᠠᠳ᠋ᠷᠴᠤᠳ᠎ᠤᠨ ᠦᠢᠯᠡᠴᠢᠯᠡᠬᠡᠨ᠎ᠤ ᠲᠦᠪ᠎ᠤᠨ ᠨᠠᠮ᠎ᠤᠨ ᠬᠡᠰᠢᠬᠦᠨ ᠺᠠᠳ᠋ᠷᠴᠤᠳ᠎ᠡᠴᠡ ᠲᠠᠭᠠᠭᠠᠴᠢᠯᠠᠨ ᠬᠠᠷᠢᠯᠴᠠᠵᠦ ᠪᠠᠢᠭ᠎ᠠ ᠨᠡᠢᠬᠡᠮ ᠲᠤᠭᠤᠷᠢᠭ ᠪᠠ ᠰᠠᠭᠤᠭ᠎ᠠ ᠨᠡᠢᠬᠡᠮ ᠲᠤᠭᠤᠷᠢᠭ᠎ᠲᠠᠭᠠᠨ ᠨᠡᠷ᠎ᠡ ᠮᠡᠳᠡᠬᠦᠯᠵᠦ᠂ ᠪᠢᠳᠡᠬᠦᠮᠵᠢᠯᠡᠵᠦ ᠪᠠᠢᠭ᠎ᠠ ᠰᠠᠭᠤᠭᠠᠯᠢ ᠠᠷᠠᠳ᠎ᠤᠨ ᠲᠤᠭᠤᠷᠢᠭ᠎ᠤᠨ ᠬᠢᠵᠢᠭ᠎ᠢ ᠰᠡᠷᠭᠡᠢᠯᠡᠬᠦ ᠠᠵᠢᠯ᠎ᠳᠤ ᠪᠦᠬᠦ ᠬᠦᠴᠦᠨ᠎ᠢᠶᠡᠷ᠎ᠢᠶᠡᠨ ᠬᠠᠮᠵᠢᠯᠴᠠᠵᠦ᠂ ᠨᠠᠷᠢᠨ ᠤᠨᠤᠴᠠᠲᠠᠢ ᠦᠢᠯᠡᠴᠢᠯᠡᠬᠡ ᠪᠠᠲᠤᠯᠠᠭ᠎ᠠ᠎ᠶᠢᠨ ᠠᠵᠢᠯ ᠦᠷᠨᠢᠬᠦᠯᠪᠡ᠃

ᠬᠦᠬᠡᠬᠤᠲᠠ᠎ᠶᠢᠨ ᠠᠬᠠᠮᠠᠳ ᠺᠠᠳ᠋ᠷᠴᠤᠳ᠎ᠤᠨ ᠦᠢᠯᠡᠴᠢᠯᠡᠬᠡᠨ᠎ᠤ ᠲᠦᠪ᠎ᠤᠨ ᠨᠠᠮ᠎ᠤᠨ ᠬᠡᠰᠢᠬᠦᠨ ᠡᠴᠡ ᠰᠠᠭᠤᠭᠠᠯᠢ ᠠᠷᠠᠳ᠎ᠤᠨ ᠲᠤᠭᠤᠷᠢᠭ᠎ᠤᠨ ᠪᠦᠭᠡᠮ ᠬᠦᠴᠢᠯ᠎ᠤᠨ ᠪᠠᠢᠴᠠᠭᠠᠯᠲᠠ ᠬᠢᠬᠦ᠂ ᠮᠡᠳᠡᠭᠡ ᠵᠠᠩᠬᠢ᠎ᠶᠢᠨ ᠬᠦᠰᠦᠨᠦᠭᠳᠦ ᠳᠠᠬᠯᠠᠬᠤ᠂ ᠰᠠᠭᠤᠭᠠᠯᠢ ᠠᠷᠠᠳ᠎ᠤᠨ ᠲᠤᠭᠤᠷᠢᠭ᠎ᠲᠤ ᠵᠢᠵᠢᠬᠦᠷᠯᠡᠬᠦ᠂ ᠠᠷᠢᠭᠤᠳᠬᠠᠬᠤ ᠪᠠ ᠤᠯᠠᠨ ᠲᠦᠮᠡᠨ᠎ᠳᠤ ᠦᠢᠯᠡᠴᠢᠯᠡᠬᠦ ᠠᠵᠢᠯ᠎ᠳᠤ ᠪᠦᠬᠦ ᠬᠦᠴᠦᠨ᠎ᠢᠶᠡᠷ᠎ᠢᠶᠡᠨ ᠬᠠᠮᠵᠢᠯᠴᠠᠵᠦ᠂ ᠬᠦᠬᠡᠬᠤᠳᠠ᠎ᠶᠢᠨ ᠨᠠᠮ᠎ᠤᠨ ᠬᠤᠷᠢᠶᠠᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠴᠠᠬ ᠲᠤᠬᠠᠢ ᠳ᠋ᠤᠨᠢ ᠤᠯᠠᠮᠵᠢᠯᠠᠵᠦ᠂《ᠠᠵᠢᠯ ᠡᠴᠡ ᠪᠠᠨ ᠠᠮᠠᠷᠠᠬᠰᠠᠨ ᠠᠵᠢᠯ ᠡᠴᠡ ᠪᠠᠨ ᠲᠠᠷᠬᠠᠯᠠᠬᠳᠠᠬᠰᠠᠨ ᠺᠠᠳ᠋ᠷᠴᠤᠳ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠤᠷᠢᠶᠠᠯᠠᠭ᠎ᠠ᠎ᠶᠢᠨ ᠪᠢᠴᠢᠭ》 ᠢ᠋ ᠲᠠᠷᠬᠠᠭᠠᠵᠦ᠂ ᠠᠵᠢᠯ ᠡᠴᠡ ᠪᠠᠨ ᠠᠮᠠᠷᠠᠬᠰᠠᠨ ᠠᠵᠢᠯ ᠡᠴᠡ ᠪᠠᠨ ᠲᠠᠷᠬᠠᠯᠠᠬᠳᠠᠬᠰᠠᠨ ᠠᠬᠠᠮᠠᠳ ᠺᠠᠳ᠋ᠷᠴᠤᠳ᠎ᠤᠨ ᠪᠦᠭᠡᠮ ᠬᠦᠴᠢᠯ᠎ᠤᠨ ᠪᠠᠢᠴᠠᠭᠠᠯᠲᠠ᠎ᠶᠢᠨ ᠪᠠᠢᠳᠠᠯ᠎ᠢ ᠨᠠᠷᠢᠨ ᠬᠠᠷᠭᠤᠭᠤᠯᠵᠦ᠂ ᠪᠤᠲᠠᠳᠦ ᠦᠢᠯᠡ ᠠᠵᠢᠯᠯᠠᠭ᠎ᠠ ᠪᠡᠷ᠎ᠢᠶᠡᠨ ᠬᠢᠵᠢᠭ ᠲᠠᠢ ᠲᠡᠮᠡᠴᠡᠬᠦ ᠠᠵᠢᠯ᠎ᠢ ᠨᠠᠢᠳᠠᠪᠤᠷᠢᠵᠢᠭᠤᠯᠪᠠ᠃ ᠡᠬᠦᠨ᠎ᠳᠤ᠂ ᠠᠬᠠᠮᠠᠳ ᠺᠠᠳ᠋ᠷᠴᠤᠳ᠎ᠤᠨ ᠪᠡᠶ᠎ᠡ ᠮᠠᠬᠠᠪᠤᠳ᠎ᠤᠨ ᠤᠨᠴᠠᠭᠠᠢ ᠪᠠᠢᠳᠠᠯ᠎ᠢ ᠦᠨᠳᠦᠰᠦᠯᠡᠵᠦ᠂ ᠤᠲᠠᠰᠦ ᠪᠡᠷ ᠯᠠᠪᠯᠠᠨ ᠠᠰᠠᠭᠤᠬᠤ᠂ ᠮᠡᠳᠡᠭᠡ ᠵᠠᠩᠭᠢ ᠨᠡᠪᠲᠡᠷᠡᠯᠴᠡᠬᠦ ᠵᠡᠷᠭᠡ ᠠᠷᠭ᠎ᠠ ᠮᠠᠶᠢᠭ᠎ᠢᠶᠡᠷ ᠳᠠᠮᠵᠢᠭᠤᠯᠵᠦ᠂ ᠨᠠᠷᠢᠯᠢᠭ ᠤᠨᠤᠴᠠᠲᠠᠢ ᠦᠢᠯᠡᠴᠢᠯᠡᠬᠡ ᠬᠠᠩᠭᠠᠵᠦ᠂ ᠠᠬᠠᠮᠠᠳ ᠺᠠᠳ᠋ᠷᠴᠤᠳ᠎ᠤᠨ ᠪᠡᠶ᠎ᠡ ᠮᠠᠬᠠᠪᠤᠳ᠎ᠤᠨ ᠡᠷᠡᠬᠦᠯ ᠮᠡᠨᠳᠦ᠎ᠶᠢᠨ ᠪᠠᠢᠳᠠᠯ᠂ ᠠᠮᠢᠳᠤᠷᠠᠯ᠎ᠤᠨ ᠪᠠᠢᠳᠠᠯ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠳᠤ ᠲᠤᠯᠭᠠᠷᠠᠵᠦ ᠪᠠᠢᠭ᠎ᠠ ᠬᠦᠴᠢᠷᠳᠡᠯ ᠵᠡᠷᠭᠡ᠎ᠶᠢ ᠪᠦᠬᠦ ᠲᠠᠯ᠎ᠠ ᠪᠡᠷ ᠡᠵᠡᠮᠰᠢᠵᠦ᠂ ᠠᠬᠠᠮᠠᠳ ᠺᠠᠳ᠋ᠷᠴᠤᠳ᠎ᠲᠤ ᠰᠢᠨᠵᠢᠯᠡᠬᠦ ᠤᠬᠠᠭᠠᠨᠴᠢ ᠰᠡᠷᠭᠡᠢᠯᠡᠨ ᠡᠵᠡᠮᠳᠡᠬᠦ ᠮᠡᠳᠡᠯᠬᠡ᠎ᠶᠢ ᠴᠠᠬ ᠲᠤᠬᠠᠢ ᠳ᠋ᠤᠨᠢ ᠤᠯᠠᠮᠵᠢᠯᠠᠵᠦ᠂ ᠳᠡᠳᠡᠨᠡᠷ᠎ᠤᠨ ᠰᠡᠷᠬᠡᠢᠯᠡᠨ ᠡᠵᠡᠮᠳᠡᠬᠦ ᠮᠡᠳᠡᠯᠬᠡ ᠪᠠ ᠦᠪᠡᠷ᠎ᠢ ᠪᠠᠨ ᠬᠠᠮᠠᠭᠠᠯᠠᠬᠤ ᠴᠢᠳᠠᠪᠤᠷᠢ᠎ᠶᠢ ᠨᠢ ᠳᠡᠭᠡᠭᠰᠢᠯᠡᠬᠦᠯᠵᠦ᠂ ᠰᠡᠳᠬᠢᠯ ᠰᠠᠨᠠᠭ᠎ᠠ᠎ᠶᠢ ᠨᠢ ᠲᠠᠢᠪᠤᠰᠢᠷᠠᠭᠤᠯᠵᠦ᠂ ᠰᠠᠨᠠᠭᠠᠰᠢᠷᠠᠵᠦ ᠪᠠᠢᠭ᠎ᠠ ᠠᠰᠠᠭᠤᠳᠠᠯ᠎ᠳᠤ ᠴᠠᠭ ᠲᠤᠬᠠᠢ ᠳ᠋ᠤᠨᠢ ᠬᠠᠷᠢᠭᠤᠯᠲᠠ ᠦᠭᠴᠦ᠂ ᠠᠬᠠᠮᠠᠳ ᠺᠠᠳ᠋ᠷᠴᠤᠳ᠎ᠤᠨ ᠪᠠᠢᠳᠠᠯ᠎ᠢ ᠨᠠᠷᠢᠨ ᠨᠢᠬᠲᠠ ᠠᠩᠬᠠᠷᠤᠨ ᠬᠠᠯᠠᠮᠵᠢᠯᠠᠪᠠ᠃ ᠡᠬᠦᠨ᠎ᠤ ᠬᠠᠮᠳᠦ᠂ ᠶᠠᠪᠤᠵᠦ ᠰᠠᠭᠤᠬᠤ᠎ᠳᠤ ᠲᠦᠬᠦᠮ ᠦᠬᠡᠢ ᠠᠬᠠᠮᠠᠳ ᠺᠠᠳ᠋ᠷᠴᠤᠳ᠎ᠤᠨ ᠪᠠᠢᠳᠠᠯ᠎ᠢ ᠦᠨᠳᠦᠰᠦᠯᠡᠵᠦ᠂ ᠨᠡᠢᠬᠡᠮ ᠲᠤᠭᠤᠷᠢᠭ ᠲᠠᠢ ᠢᠳᠡᠪᠬᠢᠲᠡᠢ ᠬᠠᠷᠢᠯᠴᠠᠵᠦ᠂ ᠡᠷᠦᠭᠡ᠎ᠳᠤ ᠬᠦᠷᠴᠦ ᠪᠦᠭᠡᠮ ᠬᠦᠴᠢᠯ᠎ᠤᠨ ᠪᠠᠢᠴᠠᠭᠠᠯᠲᠠ ᠬᠢᠬᠦ ᠠᠵᠢᠯ᠎ᠢ ᠦᠷᠨᠢᠬᠦᠯᠵᠦ᠂ ᠬᠢᠵᠢᠭ᠎ᠤᠨ ᠬᠤᠭᠤᠴᠠᠭᠠᠨ᠎ᠳᠤ ᠡᠪᠡᠳᠴᠢᠯᠡᠭᠰᠡᠳ ᠲᠠᠢ ᠴᠠᠭ ᠳᠤᠬᠠᠢ ᠎ᠳᠤᠨᠢ ᠬᠠᠷᠢᠯᠴᠠᠵᠦ ᠬᠤᠲᠠ᠎ᠶᠢᠨ ᠡᠮ ᠡᠮᠨᠡᠯᠭᠡ᠎ᠶᠢᠨ ᠪᠠᠲᠤᠯᠠᠭ᠎ᠠ᠎ᠶᠢᠨ ᠲᠤᠪᠴᠢᠶ᠎ᠠ ᠪᠠ ᠦᠪᠦᠷ ᠮᠤᠩᠭᠤᠯ᠎ᠤᠨ ᠬᠢᠳᠡᠳ ᠮᠤᠩᠭᠤᠯ ᠡᠮᠨᠡᠯᠭᠡ᠎ᠶᠢᠨ ᠬᠤᠷᠢᠶ᠎ᠠ ᠲᠠᠢ ᠬᠠᠮᠵᠢᠯᠴᠠᠵᠦ᠂ ᠠᠬᠠᠮᠠᠳ ᠺᠠᠳ᠋ᠷᠴᠤᠳ᠎ᠲᠤ ᠰᠠᠭᠠᠳ ᠦᠬᠡᠢ ᠨᠡᠪᠲᠡᠷᠡᠬᠦ ᠦᠢᠯᠡᠴᠢᠯᠡᠬᠡ ᠬᠠᠩᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面