2022-03-21 17:29:54
ᠤᠢᠷ᠎ᠠ᠎ᠳᠤ᠂ ᠱᠢᠯᠢ᠎ᠶ᠋ᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠪᠠᠶᠠᠨᠪᠤᠯᠠᠭ ᠭᠠᠴᠠᠭᠠᠨ᠎ᠤ ᠮᠠᠯᠴᠢᠨ ᠭᠤᠤ᠎ᠠ᠂ ᠪᠠᠭᠠᠲᠤᠷ ᠬᠣᠶᠠᠭᠤᠯᠠ ᠬᠥᠬᠡᠬᠣᠲᠠ᠎ᠶ᠋ᠢᠨ ᠬᠢᠵᠢᠭ ᠲᠡᠶ ᠲᠡᠮᠡᠴᠡᠬᠦ᠌ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠰᠠᠢᠨ ᠳᠤᠷᠠᠴᠤᠳ᠎ᠲᠤ 2000 ᠲᠥᠭᠥᠷᠢᠭ ᠬᠠᠨᠳᠢᠪᠯᠠᠪᠠ᠃ ᠬᠡᠳᠦᠨ ᠡᠳᠦᠷ᠎ᠦᠨ ᠲᠤᠷᠰᠢ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ ᠨᠢ ᠲᠠᠯ᠎ᠠ ᠨᠤᠲᠤᠭ᠎ᠤᠨ ᠭᠦᠨ᠎ᠳᠡᠬᠢ ᠮᠠᠯᠴᠢᠳ᠎ᠤᠨ ᠰᠡᠳᠭᠢᠯ ᠢ ᠬᠦᠨᠳᠡᠪᠡ᠃ ᠭᠤᠤ᠎ᠠ ᠪᠣᠯᠤᠨ ᠪᠠᠭᠠᠲᠤᠷ ᠡᠷ᠎ᠡ ᠡᠮ᠎ᠡ ᠬᠣᠶᠠᠭᠤᠯᠠ ᠥᠪᠥᠷ ᠮᠣᠩᠭᠣᠯ ᠤᠨ ᠮᠣᠷᠢᠲᠤ ᠴᠡᠷᠢᠭ᠎ᠤᠨ ᠬᠤᠢᠴᠢᠰᠨᠠᠢᠷᠠᠯ ᠳᠠᠭᠤᠤ᠎ᠶ᠋ᠢᠨ ᠪᠦᠯᠬᠦᠮ᠎ᠦᠨ ᠳᠠᠷᠤᠭ᠎ᠠ ᠮᠸᠩ ᠱᠢᠶᠠᠨ ᠬᠣᠩ ᠲᠠᠶ ᠬᠠᠷᠢᠯᠴᠠᠬᠤ᠎ᠪᠠᠷ ᠳᠠᠮᠵᠢᠨ 2000 ᠲᠥᠭᠥᠷᠢᠭ ᠬᠠᠨᠳᠢᠪᠯᠠᠵᠠᠢ᠃

ᠭᠤᠤ᠎ᠠ ᠪᠣᠯᠤᠨ ᠪᠠᠭᠠᠲᠤᠷ ᠪᠣᠯ ᠥᠪᠥᠷ ᠮᠣᠩᠭᠣᠯ᠎ᠤᠨ ᠮᠣᠷᠢᠲᠤ ᠴᠡᠷᠢᠭ᠎ᠦᠨ ᠬᠣᠢᠴᠢᠰ᠂ ᠮᠥᠨ ᠴᠦ᠍ ᠨᠠᠢᠷᠠᠯ ᠳᠠᠭᠤᠤ ᠶ᠋ᠢᠨ ᠪᠦᠯᠬᠦᠮ ᠦᠨ ᠪᠦᠷᠢᠯᠳᠦᠬᠦᠨ ᠮᠥᠨ᠃ ᠣᠯᠠᠨ ᠵᠢᠯ᠎ᠦᠨ ᠲᠤᠷᠰᠢ᠂ ᠲᠡᠲᠡ ᠬᠤᠶᠠᠭᠤᠯᠠ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠵᠢᠭ᠎ᠦᠨ ᠪᠠᠢᠳᠠᠯ᠂ ᠪᠠᠢᠭᠠᠯᠢ᠎ᠶ᠋ᠢᠨ ᠭᠠᠮᠱᠢᠭ᠂ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠰ ᠵᠡᠷᠭᠡ᠎ᠳᠦ ᠨᠡᠢᠲᠡ 15 ᠲᠦᠮᠡ ᠭᠠᠷᠤᠶ ᠲᠥᠭᠥᠷᠢᠭ ᠬᠠᠨᠳᠢᠪᠯᠠᠭᠰᠠᠨ ᠪᠠᠢᠨ᠎ᠠ᠃ ᠮᠸᠩ ᠱᠢᠶᠠᠨ ᠬᠣᠩ ᠭᠤᠤ᠎ᠠ ᠪᠣᠯᠤᠨ ᠪᠠᠭᠠᠲᠤᠷ ᠤᠨ ᠦᠨᠡᠨ ᠰᠡᠳᠬᠢᠯ᠎ᠤᠨ ᠨᠡᠢᠳᠡᠯᠭᠠ ᠵᠢ ᠬᠦᠯᠢᠶᠡᠨ᠂ ᠥᠪᠥᠷ ᠮᠣᠩᠭᠣᠯ᠎ᠤᠨ ᠬᠠᠢᠷ᠎ᠠ ᠬᠠᠯᠠᠮᠵᠢ᠎ᠶ᠋ᠢᠨ ᠬᠡᠷ ᠨᠡᠢᠲᠡ᠎ᠶ᠋ᠢᠨ ᠠᠰᠠᠷᠠᠮᠵᠢ᠎ᠶ᠋ᠢᠨ ᠨᠡᠢᠭᠡᠮᠯᠢᠭ ᠢ ᠡᠷᠢᠵᠦ᠍ ᠲᠡᠳᠡᠨ᠎ᠤ ᠬᠠᠨᠳᠢᠪ ᠮᠦᠩᠬᠦ ᠵᠢ ᠬᠠᠨᠳᠢᠪᠯᠡᠵᠤ᠂ ᠨᠡᠢᠭᠡᠮᠯᠢᠭ ᠲᠦ ᠨᠠᠢᠳᠠᠨ ᠬᠢᠵᠢᠭ ᠲᠡᠶ ᠲᠡᠮᠡᠴᠡᠬᠦ᠌ ᠡᠮᠦᠨ᠎ᠡ ᠹᠷᠣᠨᠲ᠎ᠲᠤ ᠡᠷᠡᠯᠬᠡᠭ᠌ᠯᠡᠨ ᠠᠵᠢᠯᠯᠠᠵᠤ ᠪᠠᠢᠭ᠎ᠠ ᠰᠠᠢᠨ ᠲᠤᠷᠠᠴᠤᠳ᠎ᠲᠤ ᠬᠠᠮᠤᠭ᠎ᠤᠨ ᠬᠡᠷᠡᠭ᠌ᠴᠡᠭᠡ ᠲᠡᠶ ᠡᠳ᠋ ᠪᠣᠳᠠᠰ ᠢ ᠬᠤᠳᠠᠯᠳᠤᠨ ᠠᠪᠤᠭᠤᠯᠪᠠ᠃
2 ᠰᠠᠷ᠎ᠠ᠎ᠶ᠋ᠢᠨ 27 ᠤ ᠡᠳᠦᠷ᠂ ᠥᠪᠥᠷ ᠮᠣᠩᠭᠣᠯ ᠤᠨ ᠬᠠᠢᠷ᠎ᠠ ᠬᠠᠯᠠᠮᠵᠢ᠎ᠶ᠋ᠢᠨ ᠬᠡᠷ ᠨᠡᠢᠲᠡ᠎ᠶ᠋ᠢᠨ ᠠᠰᠠᠷᠠᠮᠵᠢ᠎ᠶ᠋ᠢᠨ ᠨᠡᠢᠭᠡᠮᠯᠢᠭ᠎ᠤᠨ ᠲᠠᠷᠤᠭ᠎ᠠ ᠯᠢᠦ ᠴᠧᠩ ᠢ ᠶᠢᠨ ᠬᠡᠯᠡᠬᠦ᠎ᠪᠡᠷ᠂ ᠭᠦᠨ ᠬᠠᠢᠷ᠎ᠠ ᠰᠢᠩᠭᠡᠭᠰᠡᠨ ᠡᠨᠡ ᠬᠦ᠌ ᠬᠠᠨᠳᠢᠪ ᠮᠥᠩᠭᠦ᠎ᠪᠡᠷ ᠨᠢ ᠳᠥᠭᠥᠮ ᠬᠤᠭᠤᠯᠠ ᠵᠡᠷᠭᠡ᠎ᠶᠢ ᠬᠤᠳᠠᠯᠳᠤᠨ ᠠᠪᠤᠭᠠᠳ ᠨᠢᠭᠡᠨᠲᠡ ᠰᠠᠢᠨ ᠳᠤᠷᠠᠴᠤᠳ᠎ᠤᠨ ᠭᠠᠷ᠎ᠲᠤ ᠬᠦᠷᠭᠡᠵᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃