ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-03-21 17:38:30

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠎ᠳᠤ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠨᠡᠢᠭᠡᠮ ᠎ᠦᠨ ᠵᠣᠬᠢᠶᠠᠨ ᠪᠠᠢᠭᠤᠯᠤᠯᠲᠠ ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠦᠴᠦᠨ᠎ᠢ ᠢᠳᠡᠪᠬᠢᠲᠡᠶ ᠳᠠᠢᠴᠢᠯᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠣᠷᠣᠯᠴᠠᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠡᠴᠡ ᠨᠡᠢᠭᠡᠮ᠎ᠦᠨ ᠵᠣᠬᠢᠶᠠᠨ ᠪᠠᠢᠭᠤᠯᠤᠯᠲᠠ᠎ᠨᠤᠭᠤᠳ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠢᠳᠡᠪᠬᠢᠲᠡᠶ ᠣᠷᠣᠯᠴᠠᠬᠤ᠎ᠶᠢ ᠵᠣᠷᠢᠭ᠍ᠵᠢᠭᠤᠯᠤᠨ ᠰᠠᠨᠠᠭᠠᠴᠢᠯᠠᠪᠠ᠃ 2 ᠰᠠᠷ᠎ᠠ᠎ᠶ᠋ᠢᠨ 25 ᠎ᠤ ᠡᠳᠦᠷ ᠪᠣᠯᠲᠠᠯ᠎ᠠ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠠᠮᠵᠢᠯᠴᠠᠭᠰᠠᠨ ᠨᠡᠢᠭᠡᠮ᠎ᠦᠨ ᠵᠣᠬᠢᠶᠠᠨ ᠪᠠᠢᠭᠤᠯᠤᠯᠲᠠ 33 ᠪᠠᠢᠵᠤ᠂ 1363 ᠰᠠᠢᠨ ᠲᠤᠷᠠᠴᠤᠳ ᠤᠷᠤᠯᠴᠠᠪᠠ᠃ ᠡᠭᠦᠨ᠎ᠦ ᠬᠠᠮᠲᠤ᠂ ᠨᠥᠬᠥᠴᠡᠯ ᠲᠡᠶ ᠨᠡᠢᠭᠡᠮ᠎ᠦᠨ ᠵᠣᠬᠢᠶᠠᠨ ᠪᠠᠢᠭᠤᠯᠤᠯᠲᠠ ᠨᠢ ᠪᠠᠰᠠ ᠰᠠᠨᠠᠭᠠᠴᠢᠯᠠᠭ᠎ᠠ᠎ᠠᠴᠠ᠎ᠪᠠᠨ ᠦᠨᠳᠦᠰᠦᠨ ᠱᠠᠲᠤᠨ᠎ᠤ ᠨᠡᠢᠭᠡᠮ ᠲᠣᠭᠣᠷᠢᠭ ᠪᠣᠯᠤᠨ ᠨᠢᠭᠦᠯᠡᠰᠦᠩᠭᠦᠶ᠎ᠶ᠋ᠢᠨ ᠪᠠᠢᠭᠤᠯᠤᠮᠵᠢ᠎ᠳᠤ 3 ᠲᠦᠮᠡᠨ ᠲᠥᠭᠥᠷᠢᠭ ᠬᠠᠨᠳᠢᠪᠯᠠᠵᠤ᠂ 26 ᠲᠦᠮᠡ ᠭᠠᠷᠤᠶ ᠲᠥᠭᠥᠷᠢᠭ᠎ᠤᠨ ᠥᠷᠲᠡᠭ ᠪᠦᠬᠦᠢ ᠡᠯ᠎ᠡ ᠲᠥᠷᠥᠯ᠎ᠦᠨ ᠬᠢᠵᠢᠭ᠎ᠢ ᠰᠡᠷᠭᠡᠢᠯᠡᠬᠦ᠌ ᠡᠳ᠋ ᠪᠣᠳᠠᠰ ᠪᠠ ᠠᠮᠢᠳᠤᠷᠠᠯ᠎ᠤᠨ ᠬᠡᠷᠡᠭᠴᠡᠭᠡᠲᠦ ᠡᠳ᠋ ᠪᠣᠳᠠᠰ᠎ᠢ ᠬᠠᠨᠳᠢᠪᠯᠠᠵᠠᠢ᠃

ᠣᠢᠯᠠᠭᠠᠭ᠍ᠰᠠᠨ᠎ᠢᠶᠠᠷ᠂ 2 ᠰᠠᠷ᠎ᠠ᠎ᠶ᠋ᠢᠨ 18 ᠎ᠤ ᠡᠳᠦᠷ᠂ ᠬᠢᠵᠢᠭ᠎ᠦᠨ ᠬᠤᠭᠤᠴᠠᠭᠠᠨ᠎ᠳᠠᠬᠢ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠠᠵᠢᠯᠯᠠᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠪᠥᠬᠥ᠌ ᠬᠣᠲᠠ᠎ᠶ᠋ᠢᠨ ᠡᠯ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠴᠤᠭ᠍ᠯᠠᠷᠠᠯ᠎ᠤᠨ ᠴᠢᠨᠠᠷᠲᠠᠶ ᠠᠵᠢᠯᠯᠠᠭ᠎ᠠ ᠥᠷᠨᠢᠭᠦᠯᠬᠦ᠌᠎ᠶ᠋ᠢ ᠲᠦᠷ ᠵᠣᠭ᠍ᠰᠣᠭᠠᠬᠤ ᠲᠤᠬᠠᠶ ᠮᠡᠳᠡᠭ᠌ᠳᠡᠯ》᠎ᠢ ᠨᠡᠢᠲᠡᠯᠡᠪᠡ᠃ ᠮᠡᠳᠡᠭ᠌ᠳᠡᠯ᠎ᠳᠦ᠄

★ ᠪᠥᠬᠥ᠌ ᠬᠣᠲᠠ᠎ᠶ᠋ᠢᠨ ᠡᠯ᠎ᠡ ᠲᠥᠷᠥᠯ᠎ᠦᠨ ᠨᠡᠢᠭᠡᠮ᠎ᠦᠨ ᠵᠣᠬᠢᠶᠠᠨ ᠪᠠᠢᠭᠤᠯᠤᠯᠲᠠ ᠲᠣᠰ ᠪᠡᠶ᠎ᠡ᠎ᠶ᠋ᠢᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠪᠡᠨ ᠰᠠᠢᠲᠤᠷ ᠬᠢᠬᠦ᠌᠎ᠶ᠋ᠢᠨ ᠬᠠᠮᠲᠤ᠂ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠯᠪᠣᠭ᠍ᠳᠠᠯ ᠪᠥᠬᠥᠶ ᠠᠵᠢᠯ᠎ᠳᠤ ᠢᠳᠡᠪᠬᠢᠲᠡᠶ ᠪᠥᠭᠡᠳ ᠡᠮᠬᠢ ᠵᠢᠷᠤᠮ ᠲᠠᠶ᠎ᠪᠠᠷ ᠣᠷᠣᠯᠴᠠᠬᠤ ᠬᠡᠷᠡᠭ᠌ᠲᠡᠶ;

★ ᠬᠣᠯᠪᠣᠭ᠍ᠳᠠᠯ ᠪᠦᠬᠦᠢ ᠡᠷᠬᠡ ᠳᠤᠰᠢᠶᠠᠯᠲᠤ ᠰᠠᠯᠠᠭ᠎ᠠ ᠮᠥᠴᠢᠷ ᠪᠣᠯᠤᠨ ᠵᠡᠭᠡᠯᠢ ᠭᠤᠳᠤᠮᠵᠢ᠂ ᠨᠡᠢᠭᠡᠮ ᠲᠣᠭᠣᠷᠢᠭ ᠵᠡᠷᠭᠡ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠬᠠᠪᠰᠤᠷᠤᠨ ᠬᠢᠵᠢᠭ᠎ᠦᠨ ᠪᠠᠢᠳᠠᠯ᠎ᠤᠨ ᠮᠡᠳᠡᠭᠡ ᠵᠠᠩᠭᠢ᠎ᠶᠢ ᠴᠤᠭ᠍ᠯᠠᠭᠤᠯᠬᠤ᠂ ᠳᠡᠭᠡᠭᠰᠢ ᠮᠡᠳᠡᠭᠦᠯᠬᠦ᠌᠂ ᠬᠥᠮᠥᠨ᠎ᠢ ᠲᠤᠰᠠᠭᠠᠷᠯᠠᠬᠤ᠂ ᠡᠮᠬᠢ ᠳᠢᠭ᠌ᠯᠢᠮ᠎ᠢ ᠬᠠᠮᠠᠭᠠᠯᠠᠬᠤ ᠵᠢᠴᠢ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ ᠵᠡᠷᠭᠡ ᠠᠵᠢᠯ᠎ᠢ ᠰᠠᠢᠲᠤᠷ ᠬᠢᠬᠦ᠌ ᠬᠡᠷᠡᠭ᠌ᠲᠡᠶ;

★ ᠬᠥᠷᠰᠢ ᠵᠡᠷᠭᠡᠯᠡᠳᠡᠭᠡ᠎ᠪᠡᠨ ᠬᠠᠯᠠᠮᠵᠢᠯᠠᠨ᠂ ᠵᠥᠷᠢᠴᠡᠯ ᠡᠭᠦᠰᠪᠡᠯ ᠴᠠᠭ ᠲᠤᠬᠠᠶ᠎ᠳᠤᠨᠢ ᠵᠤᠬᠢᠴᠠᠭᠤᠯᠵᠤ᠂ ᠬᠠᠷᠢᠯᠴᠠᠨ ᠬᠠᠪᠰᠤᠷᠤᠯᠴᠠᠬᠤ᠎ᠶ᠋ᠢ ᠰᠠᠨᠠᠭᠠᠴᠢᠯᠠᠨ᠂ ᠨᠡᠢᠭᠡᠮ᠎ᠦᠨ ᠤᠷᠮ᠎ᠠ ᠰᠡᠳᠭᠢᠯᠭᠡ᠎ᠶ᠋ᠢ ᠲᠣᠭ᠍ᠲᠠᠭᠤᠨ ᠪᠠᠢᠯᠭᠠᠵᠤ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠬᠠᠮᠠᠭᠠᠯᠠᠬᠤ ᠬᠡᠷᠡᠭᠲᠡᠢ;

★ ᠨᠡᠢᠭᠡᠮ᠎ᠦᠨ ᠵᠣᠬᠢᠶᠠᠨ ᠪᠠᠢᠭᠤᠯᠤᠯᠲᠠ᠂ ᠨᠡᠢᠭᠡᠮ᠎ᠦᠨ ᠠᠵᠢᠯ᠎ᠤᠨ ᠪᠠᠢᠭᠤᠯᠤᠮᠵᠢ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ ᠨᠢ ᠵᠡᠭᠡᠯᠢ ᠭᠤᠳᠤᠮᠵᠢ᠂ ᠨᠡᠢᠭᠡᠮ ᠲᠣᠭᠣᠷᠢᠭ ᠲᠠᠶ ᠢᠳᠡᠪᠬᠢᠲᠡᠶ ᠬᠠᠮᠵᠢᠯᠴᠠᠨ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ᠂ ᠬᠣᠲᠠ᠎ᠶ᠋ᠢᠨ ᠠᠷᠠᠳ᠎ᠲᠤ ᠱᠢᠨᠵᠢᠯᠡᠬᠦ᠌ ᠤᠬᠠᠭᠠᠨᠴᠢ᠎ᠪᠠᠷ ᠬᠢᠵᠢᠭ᠎ᠢ ᠰᠡᠷᠭᠡᠢᠯᠡᠬᠦ᠌᠎ᠶ᠋ᠢ ᠤᠬᠠᠭᠤᠯᠤᠨ᠂ ᠲᠡᠳᠡᠨ᠎ᠢ ᠳᠠᠢᠴᠢᠯᠠᠬᠤ ᠪᠦᠭᠡᠳ ᠬᠥᠲᠥᠯᠥᠨ ᠵᠢᠯᠣᠭᠣᠳᠴᠤ᠌᠂ ᠰᠡᠳᠭᠢᠴᠡ᠎ᠶ᠋ᠢᠨ ᠵᠢᠯᠣᠭᠣᠳᠣᠯᠭ᠎ᠠ᠂ ᠬᠦᠴᠢᠷᠳᠡᠯ᠎ᠢ ᠨᠢ ᠱᠢᠶ᠋ᠳᠪᠦᠷᠢᠯᠡᠬᠦ᠌ ᠵᠡᠷᠭᠡ ᠦᠶ᠋ᠯᠡᠴᠢᠯᠡᠭᠡᠨ᠎ᠦ ᠠᠵᠢᠯ᠎ᠢ ᠥᠷᠨᠢᠭᠦᠯᠬᠦ᠌ ᠬᠡᠷᠡᠭ᠌ᠲᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面