ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-04-06 11:55:22

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

44 ᠡᠳᠦᠷ ᠎ᠲᠤ 37394 ᠤᠳᠠᠭ᠎ᠠ ᠵᠦᠭᠡᠭᠡᠪᠦᠷᠢᠯᠡᠨ ᠬᠦᠷᠭᠡᠯ᠎ᠡ

ᠬᠥᠬᠡᠬᠣᠲᠠ᠎ᠶ᠋ᠢᠨ ᠠᠶᠠᠨᠴᠢᠳ᠎ᠤᠨ ᠮᠠᠱᠢᠨ ᠲᠡᠷᠭᠡᠨ᠎ᠦ ᠠᠵᠢᠯ ᠲᠥᠷᠥᠯ᠎ᠦᠨ ᠨᠡᠢᠭᠡᠮᠯᠢᠭ᠎ᠡᠴᠡ ᠣᠢᠯᠠᠭᠠᠭ᠍ᠰᠠᠨ᠎ᠢᠶᠠᠷ᠂ ᠲᠣᠰ ᠡᠭᠡᠯᠵᠢ᠎ᠶ᠋ᠢᠨ ᠬᠢᠵᠢᠭ᠎ᠦᠨ ᠬᠤᠭᠤᠴᠠᠭᠠᠨ᠎ᠳᠤ᠂ ᠬᠥᠬᠡᠬᠣᠲᠠ ᠵᠢᠨ 635 ᠲᠣᠭᠣᠷᠢᠨ ᠠᠶᠠᠯᠠᠬᠤ ᠲᠦᠷᠢᠶᠡᠰᠦᠨ ᠮᠠᠱᠢᠨ ᠲᠡᠷᠭᠡ᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠥᠯᠢᠭᠡᠷ᠎ᠢ 37394 ᠤᠳᠠᠭ᠎ᠠ ᠵᠥᠭᠡᠭᠡᠪᠦᠷᠢᠯᠡᠨ ᠬᠦᠷᠭᠡᠵᠦ᠍᠂ ᠪᠥᠬᠥ᠌ ᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠪᠦᠲᠦᠮᠵᠢ᠎ᠶ᠋ᠢ ᠪᠠᠲᠤᠯᠠᠪᠠ᠃ ᠡᠳᠡᠭᠡᠷ ᠲᠦᠷᠢᠶᠡᠰᠦᠨ ᠮᠠᠱᠢᠨ᠎ᠤ ᠵᠢᠯᠣᠭᠣᠴᠢ᠎ᠨᠠᠷ 4 ᠰᠠᠷ᠎ᠠ᠎ᠶ᠋ᠢᠨ 1 ᠎ᠦ ᠡᠳᠦᠷ᠎ᠦᠨ 18 ᠴᠠᠭ᠎ᠲᠤ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠠᠮᠤᠷ ᠲᠦᠪᠱᠢᠨ ᠪᠤᠴᠠᠵᠠᠶ᠃

2 ᠰᠠᠷ᠎ᠠ᠎ᠶ᠋ᠢᠨ 17 ᠎ᠤ ᠡᠳᠦᠷ᠎ᠦᠨ 18 ᠴᠠᠭ᠎ᠲᠤ ᠭᠦᠬᠡᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠪᠣᠯᠤᠨ ᠭᠦᠬᠡᠬᠣᠲᠠ᠎ᠶ᠋ᠢᠨ ᠵᠠᠮ ᠬᠠᠷᠢᠯᠴᠠᠭᠠᠨ᠎ᠤ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ᠎ᠶ᠋ᠢᠨ ᠵᠠᠷᠯᠢᠭ᠎ᠢ ᠣᠯᠤᠭ᠍ᠰᠠᠨ᠎ᠤ ᠳᠠᠷᠠᠭ᠎ᠠ᠂ ᠬᠥᠬᠡᠬᠣᠲᠠ᠎ᠶ᠋ᠢᠨ ᠠᠶᠠᠨᠴᠢᠳ᠎ᠤᠨ ᠲᠡᠭᠡᠭᠡᠪᠦᠷᠢ᠎ᠶ᠋ᠢᠨ ᠲᠦᠷᠢᠶᠡᠰᠦᠨ ᠮᠠᠱᠢᠨ ᠲᠡᠷᠭᠡᠨ᠎ᠦ ᠠᠵᠢᠯ ᠲᠥᠷᠥᠯ᠎ᠦᠨ ᠨᠡᠢᠭᠡᠮᠯᠢᠭ ᠲᠡᠷᠡ ᠳᠠᠷᠤᠶ᠎ᠳᠤᠨᠢ ᠴᠤᠤᠷᠢᠶᠠᠲᠤᠨ ᠳᠠᠭᠠᠵᠤ᠂ ᠪᠡᠯᠡᠳᠭᠡᠯ ᠲᠥᠰᠦᠯ᠎ᠢ ᠲᠡᠷᠡ ᠳᠠᠷᠤᠶ᠎ᠳᠤᠨᠢ ᠡᠬᠢᠯᠡᠭᠦᠯᠪᠡ᠂ ᠲᠣᠰ ᠡᠳᠦᠷ᠎ᠦᠨ 20 ᠄ 30 ᠴᠠᠭ ᠎ᠲᠦ ᠨᠢᠭᠡᠨᠲᠡ 20 ᠺᠣᠮᠫᠠᠨᠢ᠎ᠵᠢᠨ 635 ᠮᠠᠱᠢᠨ ᠲᠡᠷᠭᠡ᠎ᠳᠤ ᠮᠡᠳᠡᠭ᠌ᠳᠡᠵᠦ᠍᠂ ᠪᠥᠬᠥ᠌ ᠬᠣᠲᠠ᠎ᠶ᠋ᠢᠨ 2300 ᠭᠠᠷᠤᠶ ᠥᠯᠢᠭᠡᠷ ᠠᠪᠬᠤ ᠴᠡᠭ᠎ᠦᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠥᠯᠢᠭᠡᠷ᠎ᠢ ᠱᠢᠯᠵᠢᠭᠦᠯᠦᠨ ᠲᠡᠭᠡᠭᠡᠪᠦᠷᠢᠯᠡᠬᠦ᠌ ᠠᠵᠢᠯ᠎ᠳᠤ ᠦᠳᠲᠡᠷ ᠲᠦᠷᠭᠡᠨ ᠣᠷᠣᠯᠴᠠᠪᠠ᠃

44 ᠡᠳᠦᠷ᠎ᠦᠨ ᠲᠤᠷᠰᠢ᠂ ᠲᠦᠷᠢᠶᠡᠰᠦᠨ ᠮᠠᠱᠢᠨ ᠲᠡᠷᠭᠡᠨ᠎ᠦ ᠠᠵᠢᠯ ᠲᠥᠷᠥᠯ᠎ᠦᠨ᠎ᠬᠢᠨ ᠤᠳᠤᠷᠢᠳᠤᠯᠭ᠎ᠠ᠎ᠶ᠋ᠢᠨ ᠬᠠᠯᠠᠮᠵᠢᠯᠠᠯ᠎ᠢ ᠣᠯᠵᠤ᠂ ᠭᠦᠬᠡᠬᠣᠲᠠ᠎ᠶ᠋ᠢᠨ ᠵᠠᠮ ᠬᠠᠷᠢᠯᠴᠠᠭᠠᠨ᠎ᠤ ᠲᠣᠪᠴᠢᠶ᠎ᠠ᠂ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ ᠪᠣᠯᠤᠨ ᠶᠡᠬᠡ ᠠᠩᠭᠢ᠎ᠶ᠋ᠢᠨ ᠬᠠᠮᠢᠶ᠎ᠠ ᠪᠥᠬᠥᠶ ᠤᠳᠤᠷᠢᠳᠤᠯᠭ᠎ᠠ ᠠᠵᠢᠯᠯᠠᠭᠠᠨ᠎ᠤ ᠳᠤᠮᠳᠠ ᠣᠷᠣᠱᠢᠵᠤ ᠪᠠᠢᠭ᠎ᠠ ᠠᠰᠠᠭᠤᠳᠠᠯ ᠪᠣᠯᠤᠨ ᠬᠦᠴᠢᠷᠳᠡᠯ᠎ᠢ ᠴᠠᠭ ᠲᠤᠬᠠᠶ᠎ᠳᠤᠨᠢ ᠱᠢᠶ᠋ᠳᠪᠦᠷᠢᠯᠡᠨ ᠵᠣᠬᠢᠴᠠᠭᠤᠯᠵᠤ᠂ ᠲᠣᠬᠣᠨᠢᠭᠤᠯᠬᠤ ᠪᠣᠳᠠᠰ᠎ᠢ ᠪᠡᠶ᠎ᠡ᠎ᠪᠡᠷ᠎ᠢᠶᠡᠨ ᠵᠢᠯᠣᠭᠣᠴᠢ᠎ᠶ᠋ᠢᠨ ᠭᠠᠷ᠎ᠲᠤ ᠬᠦᠷᠭᠡᠭ᠌ᠰᠡᠨ ᠪᠥᠭᠡᠳ ᠣᠯᠠᠨ ᠲᠠᠯ᠎ᠠ᠎ᠶ᠋ᠢᠨ᠎ᠬᠢᠨ ᠵᠠᠰᠠᠭ᠎ᠤᠨ ᠣᠷᠳᠣᠨ᠎ᠤ ᠨᠥᠬᠥᠪᠥᠷᠢ ᠪᠠᠯᠠ ᠮᠥᠩᠭᠥ᠎ᠶ᠋ᠢ 103 ᠲᠦᠮᠡᠨ ᠲᠥᠭᠥᠷᠢᠭ ᠵᠣᠬᠢᠴᠠᠭᠤᠯᠤᠨ ᠱᠢᠶ᠋ᠳᠪᠦᠷᠢᠯᠡᠪᠡ᠃ 13 ᠠᠯᠪᠠᠨ᠎ᠠᠴᠠ ᠡᠵᠡᠩᠨᠡᠭ᠌ᠰᠡᠨ ᠺᠣᠮᠫᠠᠨᠢ 2261 ᠲᠦᠷᠢᠶᠡᠰᠦᠨ ᠮᠠᠱᠢᠨ ᠲᠡᠷᠭᠡ᠎ᠶ᠋ᠢᠨ ᠳᠠᠭᠠᠭᠠᠴᠢᠯᠠᠯᠲᠠ᠎ᠶ᠋ᠢᠨ ᠵᠠᠷᠤᠳᠠᠯ᠎ᠢ 1729.6650 ᠲᠦᠮᠡᠨ ᠲᠥᠭᠥᠷᠢᠭ ᠬᠠᠰᠤᠵᠤ ᠬᠡᠯᠲᠦᠷᠢᠭᠦᠯᠪᠡ᠃ ᠵᠢᠯᠣᠭᠣᠴᠢ᠎ᠨᠠᠷ ᠪᠠᠰᠠ ᠨᠡᠢᠭᠡᠮ᠎ᠦᠨ ᠡᠯ᠎ᠡ ᠡᠲᠡᠭᠡᠳ᠎ᠦᠨ ᠠᠩᠬᠠᠷᠤᠯ᠎ᠢ ᠲᠠᠲᠠᠵᠤ᠂ ᠬᠠᠯᠠᠭᠤᠨ ᠰᠡᠳᠭᠢᠯᠲᠦ ᠠᠵᠤ ᠠᠬᠤᠢᠯᠠᠯ᠎ᠠᠴᠠ ᠰᠠᠪᠠᠯᠠᠬᠰᠠᠨ ᠤᠰᠤ᠂ ᠲᠥᠬᠥᠮ ᠭᠤᠯᠢᠷ ᠵᠡᠷᠭᠡ ᠡᠳ᠋ ᠪᠣᠳᠠᠰ ᠬᠦᠷᠭᠡᠵᠦ᠍᠂ ᠥᠯᠢᠭᠡᠷ᠎ᠢ ᠵᠥᠭᠡᠭᠡᠪᠦᠷᠢᠯᠡᠬᠦ᠌᠎ᠳᠦ ᠣᠷᠣᠯᠴᠠᠭ᠍ᠰᠠᠨ ᠪᠣᠶ ᠪᠥᠬᠥᠶ ᠵᠢᠯᠤᠭᠤᠴᠢ ᠨᠠᠷ ᠎ᠢ ᠵᠣᠷᠢᠭ᠍ᠵᠢᠭᠤᠯᠵᠠᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面