2022-04-28 10:52:55
4 ᠰᠠᠷ᠎ᠠ᠎ᠶ᠋ᠢᠨ 26 ᠤ᠋ ᠡᠳᠦᠷ᠂ ᠦᠬᠠᠢ ᠬᠤᠲᠠ᠎ᠶ᠋ᠢᠨ ᠱᠠᠩᠬᠠᠢ᠎ᠶ᠋ᠢ ᠲᠤᠰᠠᠯᠠᠬᠤ ᠡᠮᠴᠢᠯᠡᠭᠡᠨ᠎ᠦ ᠰᠡᠷᠭᠡᠢᠯᠡᠨ ᠡᠵᠡᠮᠳᠡᠬᠦ᠌ ᠠᠩᠬᠢ᠎ᠵᠢᠨ ᠭᠡᠰᠢᠭᠦᠳ ᠴᠤᠭ᠍ᠯᠠᠷᠠᠵᠤ᠂ ᠳᠥᠭᠥᠮᠬᠡᠨ ᠦᠳᠡᠨ ᠮᠣᠷᠳᠠᠭᠤᠯᠬᠤ ᠶᠣᠰᠣᠯᠠᠯ᠎ᠤᠨ ᠳᠠᠷᠠᠭ᠎ᠠ᠂ ᠭᠡᠱᠢᠭᠦᠳ ᠬᠦᠴᠢᠷ᠎ᠢ ᠰᠦᠷᠦᠨ ᠤᠷᠤᠭᠰᠢᠯᠠᠵᠤ ᠱᠠᠩᠬᠠᠢᠵᠦᠭ ᠮᠣᠷᠳᠠᠪᠠ᠃
ᠲᠣᠰ ᠤᠳᠠᠭ᠎ᠠ ᠵᠢᠨ ᠦᠬᠠᠶ ᠬᠣᠲᠠ᠎ᠶ᠋ᠢᠨ ᠱᠠᠩᠬᠠᠶ᠎ᠶ᠋ᠢ ᠲᠤᠰᠠᠯᠠᠬᠤ ᠡᠮᠴᠢᠯᠡᠭᠡᠨ᠎ᠦ ᠰᠡᠷᠭᠡᠢᠯᠡᠨ ᠡᠵᠡᠮᠳᠡᠬᠦ᠌ ᠠᠩᠭᠢ᠎ᠳᠤ ᠨᠡᠢᠲᠡ 99 ᠬᠥᠮᠦᠨ ᠪᠠᠢᠵᠤ᠂ ᠦᠬᠠᠶ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ᠂ ᠦᠬᠠᠶ ᠬᠣᠲᠠ᠎ᠶ᠋ᠢᠨ ᠮᠣᠩᠭᠣᠯ ᠬᠢᠲᠠᠳ ᠡᠮᠨᠡᠯᠭᠡ᠎ᠶ᠋ᠢᠨ ᠬᠣᠷᠢᠶ᠎ᠠ᠂ ᠦᠬᠠᠶ ᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ ᠵᠡᠷᠭᠡ 9 ᠡᠮᠨᠡᠯᠭᠡ᠎ᠶ᠋ᠢᠨ ᠬᠣᠷᠢᠶ᠎ᠠ᠎ᠠᠴᠠ ᠰᠣᠩᠭᠣᠨ ᠲᠣᠮᠢᠯᠠᠭ᠍ᠰᠠᠨ ᠡᠮᠴᠢ ᠰᠤᠪᠢᠯᠠᠭ᠍ᠴᠢ᠎ᠪᠠᠷ ᠪᠦᠷᠢᠯᠳᠦᠪᠡ᠃ ᠡᠮᠴᠢᠯᠡᠭᠡᠨ᠎ᠦ ᠠᠩᠭᠢ᠎ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠶ᠋ᠢ ᠦᠨᠳᠦᠰᠦᠯᠡᠨ᠂ ᠡᠮᠴᠢᠯᠡᠭᠡᠨ᠎ᠦ ᠳᠤᠭᠤᠢᠯᠠᠩ᠂ ᠰᠤᠪᠢᠯᠠᠯᠲᠠ᠎ᠶ᠋ᠢᠨ ᠳᠤᠭᠤᠢᠯᠠᠩ᠂ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠯᠠᠯ᠎ᠤᠨ ᠳᠤᠭᠤᠢᠯᠠᠩ᠂ ᠠᠷᠢᠭᠤᠳᠭᠠᠬᠤ ᠳᠤᠭᠤᠢᠯᠠᠩ ᠵᠡᠷᠭᠡᠲᠤᠭᠤᠢᠯᠠᠩ ᠬᠤᠪᠢᠶᠠᠵᠤ᠂ ᠱᠠᠩᠬᠠᠶ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠦᠬᠠᠶ᠎ᠶ᠋ᠢᠨ ᠬᠦᠴᠦᠨ ᠴᠢᠳᠠᠯ᠎ᠢᠶᠠᠨ ᠡᠷᠭᠦᠬᠦ ᠪᠡᠷ ᠪᠤᠯᠪᠠ᠃
ᠤᠳᠠᠯ ᠥᠬᠡᠶ ᠮᠣᠷᠳᠠᠬᠤ ᠭᠡᠵᠦ᠍ ᠪᠠᠢᠭ᠎ᠠ ᠡᠮᠴᠢᠯᠡᠭᠡᠨ᠎ᠤ ᠰᠡᠷᠭᠡᠢᠯᠡᠨ ᠡᠵᠡᠮᠳᠡᠬᠦ᠌ ᠠᠩᠭᠢ᠎ᠶ᠋ᠢᠨ ᠭᠡᠱᠢᠭᠦᠳ᠂ ᠲᠠᠳᠠ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠦᠯ ᠥᠬᠡᠶ᠎ᠪᠡᠷ ᠲᠤᠬᠠᠶ᠎ᠶ᠋ᠢᠨ ᠭᠠᠵᠠᠷ᠎ᠤᠨ ᠪᠠᠢᠷᠢᠯᠠᠭᠤᠯᠤᠯᠲᠠ᠎ᠶ᠋ᠢ ᠴᠢᠩᠭ᠎ᠠ ᠵᠢᠷᠤᠮᠯᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠥᠷᠨᠢᠭᠦᠯᠵᠦ᠍᠂ ᠬᠢᠵᠢᠭ᠎ᠲᠡᠶ ᠲᠡᠮᠡᠴᠡᠬᠦ᠌ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠠᠮᠤᠷ ᠠᠮᠤᠭᠤᠯᠠᠩ᠎ᠢᠶᠠᠷ ᠢᠯᠠᠯᠲᠠ ᠲᠠᠢ ᠪᠤᠴᠠᠵᠤ ᠢᠷᠡᠨ᠎ᠡ ᠭᠡᠵᠦ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃