2022-05-30 09:52:34
— ᠥᠪᠥᠷ ᠮᠣᠩᠭᠣᠯ᠎ᠤᠨ ᠱᠠᠩᠬᠠᠶ᠎ᠶ᠋ᠢ ᠲᠤᠰᠠᠯᠠᠬᠤ ᠡᠮᠴᠢᠯᠡᠭᠡᠨ᠎ᠦ ᠠᠩᠭᠢ ᠢᠯᠠᠯᠳᠠ ᠲᠠᠢ ᠪᠤᠴᠠᠵᠤ ᠢᠷᠡᠪᠡ
《ᠱᠠᠩᠬᠠᠢ᠂ ᠪᠠᠶᠠᠷᠲᠠᠢ!》᠂ 《ᠪᠠᠶᠠᠷᠲᠠᠶ ᠁》 ᠨᠢᠰᠭᠡᠯ᠎ᠳᠦ ᠭᠠᠷᠬᠤ ᠡᠴᠡ ᠪᠠᠨ ᠡᠮᠦᠨ᠎ᠡ᠂ ᠵᠠᠷᠢᠮ ᠨᠢ ᠭᠠᠷ ᠳᠠᠯᠠᠯᠤᠨ ᠱᠠᠩᠬᠠᠶ᠎ᠲᠠᠶ ᠰᠠᠯᠬᠤ ᠶᠣᠰᠣ ᠭᠦᠶ᠋ᠴᠡᠳᠭᠡᠵᠦ᠍᠂ ᠵᠠᠷᠢᠮ ᠨᠢ ᠬᠣᠶᠠᠷ ᠭᠠᠷ ᠵᠢᠡᠷ ᠵᠢᠡᠨ ᠵᠢᠷᠦᠬᠡ ᠵᠢᠨ ᠬᠡᠯᠪᠡᠷᠢ ᠵᠢ ᠵᠢᠷᠤᠬᠯᠠᠵᠤ᠂ ᠬᠠᠢᠷ᠎ᠠ ᠰᠡᠳᠬᠢᠯᠬᠡ ᠪᠠᠨ ᠢᠯᠡᠳᠭᠡᠨ᠎ᠡ ᠁ ᠠᠮᠠᠪᠴᠢ ᠵᠡᠬᠦᠭᠰᠡᠨ ᠴᠸ᠋ ᠲᠡᠲᠡ ᠨᠠᠷ᠎ᠤᠨ ᠴᠢᠷᠠᠢ᠎ᠳᠤᠨᠢ ᠢᠨᠢᠶᠡᠮᠰᠦᠭᠯᠡᠯ ᠲᠦᠭᠦᠷᠡᠩ᠃
5 ᠰᠠᠷ᠎ᠠ᠎ᠶ᠋ᠢᠨ 26᠂ 27 ᠤ᠋ ᠡᠳᠦᠷ᠂ ᠥᠪᠥᠷ ᠮᠣᠩᠭᠣᠯ᠎ᠤᠨ ᠱᠠᠩᠬᠠᠶ᠎ᠶ᠋ᠢ ᠲᠤᠰᠠᠯᠠᠬᠰᠠᠨ ᠡᠮᠴᠢᠯᠡᠭᠡᠨ᠎ᠦ ᠠᠩᠭᠢ᠎ᠶ᠋ᠢᠨ ᠪᠥᠬᠥ᠌ ᠭᠡᠱᠢᠭᠦᠳ ᠪᠦᠯᠦᠭ ᠬᠤᠪᠢᠶᠠᠨ ᠨᠢᠰᠭᠡᠯ᠎ᠳᠦ ᠰᠠᠭᠤᠵᠤ᠂ ᠵᠠᠯᠭᠠᠭ᠎ᠠ᠎ᠪᠠᠷ ᠮᠠᠨ᠎ᠤ ᠣᠷᠣᠨ᠎ᠤ ᠡᠯ᠎ᠡ ᠠᠢᠮᠠᠭ ᠬᠣᠲᠠ᠎ᠳᠤ ᠪᠤᠴᠠᠵᠤ ᠢᠷᠡᠪᠡ᠃

5 ᠰᠠᠷ᠎ᠠ ᠵᠢᠨ 25 ᠤ᠋ ᠡᠳᠦᠷ᠂ ᠮᠠᠨ ᠤ᠋ ᠤᠷᠤᠨ ᠤ᠋ ᠡᠮᠴᠢᠯᠡᠭᠡᠨ ᠤ᠋ ᠠᠩᠭᠢ ᠵᠢᠨ ᠬᠦᠯᠢᠶᠡᠨ ᠠᠪᠴᠤ ᠬᠠᠮᠢᠶᠠᠷᠤᠭᠰᠠᠨ ᠱᠠᠩᠬᠠᠢ ᠵᠢᠨ ᠫᠦᠳᠦ᠋ᠩ ᠤ᠋ᠨ ᠵᠠᠩ ᠵᠢᠶᠠᠩ ᠾᠸ ᠴᠢᠩ ᠴᠢᠩᠬᠡᠯᠢᠭ ᠡᠮᠨᠡᠯᠬᠡ ᠵᠢᠨ ᠬᠤᠷᠢᠶ᠎ᠠ ᠡᠭᠦᠳᠡ ᠪᠠᠨ ᠬᠠᠭᠠᠪᠠ᠃
《ᠱᠠᠩᠬᠠᠶ᠎ᠶ᠋ᠢ ᠲᠤᠰᠠᠯᠠᠵᠤ ᠬᠢᠵᠢᠭ᠎ᠲᠡᠶ ᠲᠡᠮᠡᠴᠡᠬᠦ᠌ ᠡᠭᠦᠷᠭᠡ᠎ᠶ᠋ᠢ ᠪᠡᠶᠡᠯᠡᠭᠦᠯᠦᠭ᠌ᠰᠡᠨᠳ᠋ᠡᠬᠡᠨ ᠰᠡᠳᠭᠢᠯ ᠮᠠᠰᠢ ᠳᠣᠭ᠍ᠳᠣᠯᠵᠤ ᠪᠠᠢᠨ᠎ᠠ᠂ ᠬᠣᠢᠱᠢᠳᠠ ᠵᠠᠪᠱᠢᠶᠠᠨ᠎ᠲᠠᠶ ᠪᠣᠯ ᠱᠠᠩᠬᠠᠶ᠎ᠳᠤ ᠳᠠᠬᠢᠨᠳᠠ ᠬᠦᠷᠴᠤ᠂ 〈ᠱᠢᠳᠢᠲᠦ ᠬᠣᠲᠠ〉᠎ᠶ᠋ᠢᠨ ᠬᠥᠭ᠌ᠵᠢᠯ ᠪᠠᠳᠠᠷᠠᠯ᠎ᠢ ᠦᠢᠯᠠᠭᠠᠵᠥ ᠮᠡᠳᠡᠷᠡᠬᠦ᠌ ᠶ᠋ᠢᠨ ᠬᠠᠮᠲᠤ ᠱᠠᠩᠬᠠᠶ᠎ᠶ᠋ᠢᠨ ᠠᠷᠠᠳ ᠲᠦᠮᠡᠨ᠎ᠤ ᠮᠠᠨ᠎ᠤ ᠥᠪᠥᠷ ᠮᠣᠩᠭᠣᠯ᠎ᠳᠤ ᠢᠷᠡᠵᠦ᠍᠂ ᠦᠷᠬᠡᠨ ᠠᠭᠤᠳᠠᠮ ᠥᠪᠥᠷ ᠮᠣᠩᠭᠣᠯᠢ᠋ ᠪᠡᠶᠡᠴᠢᠯᠡᠨ ᠣᠢᠯᠠᠭᠠᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ》ᠭᠡᠵᠦ᠍ ᠰᠠᠯᠬᠤ ᠶᠤᠰᠤ ᠪᠠᠨ ᠬᠦᠢᠴᠡᠳᠬᠡᠬᠦ ᠳ᠋ᠡᠬᠡᠨ ᠥᠪᠥᠷ ᠮᠣᠩᠭᠣᠯ᠎ᠤᠨ ᠱᠠᠩᠬᠠᠶ᠎ᠶ᠋ᠢ ᠲᠤᠰᠠᠯᠠᠭ᠍ᠰᠠᠨ ᠡᠮᠴᠢᠯᠡᠭᠡᠨ᠎ᠦ ᠠᠩᠭᠢ᠎ᠶ᠋ᠢᠨ ᠭᠡᠱᠢᠭᠦᠨ ᠵᠦ᠍ ᠵᠢᠶ ᠶᠤᠸᠠᠨ ᠰᠡᠳᠭᠢᠯ ᠳᠣᠭ᠍ᠳᠣᠯᠤᠨ ᠬᠡᠯᠡᠵᠤ ᠪᠠᠢᠪᠠ᠃
《ᠡᠨᠡ ᠤᠳᠠᠭ᠎ᠠ᠎ᠶ᠋ᠢᠨ ᠬᠢᠵᠢᠭ᠎ᠲᠡᠶ ᠲᠡᠮᠡᠴᠡᠬᠦ᠌᠎ᠪᠡᠷ ᠲᠠᠮᠵᠢᠨ᠂ ᠥᠪᠥᠷ ᠮᠣᠩᠭᠣᠯ ᠱᠠᠩᠬᠠᠢ ᠬᠣᠶᠠᠷ ᠭᠠᠵᠠᠷ᠎ᠤᠨ ᠨᠥᠬᠥᠷᠯᠡᠯ ᠨᠡᠩ ᠭᠦᠨ ᠪᠣᠯᠵᠠᠢ᠂ ᠭᠠᠵᠠᠷ ᠣᠷᠣᠨ᠎ᠤ ᠵᠠᠢ ᠬᠤᠯᠠ ᠡᠴᠡ ᠪᠤᠯᠵᠥ ᠡᠨᠡ ᠬᠦ᠌ ᠨᠥᠬᠥᠷᠯᠡᠯ ᠨᠢ ᠪᠢᠳᠡᠨᠡᠷ ᠲᠸ᠋ ᠮᠠᠰᠢ ᠬᠣᠪᠣᠷ ᠨᠠᠨᠳᠢᠨ ᠰᠠᠨᠠᠭ᠍ᠳᠠᠯ᠎ᠠ!》 ᠭᠡᠵᠦ᠍ ᠥᠪᠥᠷ ᠮᠣᠩᠭᠣᠯ᠎ᠤᠨ ᠱᠠᠩᠬᠠᠢ᠎ᠶ᠋ᠢ ᠲᠤᠰᠠᠯᠠᠬᠤ ᠡᠮᠴᠢᠯᠡᠭᠡᠨ᠎ᠦ ᠠᠩᠬᠢ᠎ᠶ᠋ᠢᠨ ᠭᠡᠱᠢᠭᠦᠨ᠂ ᠠᠮᠢᠰᠭᠤᠯ᠎ᠤᠨ ᠰᠠᠯᠠᠭᠠᠨ᠎ᠤ ᠳᠡᠳ᠋ ᠡᠷᠬᠢᠯᠡᠭ᠌ᠴᠢ ᠡᠮᠴᠢ ᠸᠠᠩ ᠷᠦ ᠭᠠᠩ ᠬᠡᠯᠡᠪᠡ᠃
4 ᠰᠠᠷ᠎ᠠ᠎ᠶ᠋ᠢᠨ 26᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ 68 ᠡᠮᠨᠡᠯᠭᠡ᠎ᠶ᠋ᠢᠨ ᠬᠣᠷᠢᠶ᠎ᠠ ᠪᠣᠯᠤᠨ ᠠᠢᠮᠠᠭ ᠬᠣᠲᠠ᠎ᠶ᠋ᠢᠨ ᠡᠮᠨᠡᠯᠭᠡ᠎ᠶ᠋ᠢᠨ ᠬᠣᠷᠢᠶ᠎ᠠ ᠵᠢᠨ 918 ᠬᠥᠮᠦᠨ᠎ᠢᠶᠡᠷ ᠪᠦᠷᠢᠯᠳᠦᠭ᠌ᠰᠡᠨ ᠱᠠᠩᠬᠠᠶ᠎ᠶ᠋ᠢ ᠲᠤᠰᠠᠯᠠᠬᠤ ᠡᠮᠴᠢᠯᠡᠭᠡᠨ᠎ᠦ ᠠᠩᠭᠢ ᠡᠯ᠎ᠡ ᠠᠢᠮᠠᠭ ᠬᠣᠲᠠ ᠡᠴᠡ ᠱᠠᠩᠬᠠᠶ᠎ᠳᠤ ᠬᠦᠷᠴᠦ᠍ ᠡᠮᠨᠡᠨ ᠠᠪᠤᠷᠬᠠᠸ᠋ ᠠᠵᠢᠯ ᠥᠷᠨᠢᠭᠦᠯᠪᠡ᠃
ᠱᠠᠩᠬᠠᠢ᠎ᠳᠤ ᠬᠦᠷᠦᠭ᠌ᠰᠡᠨ ᠲᠡᠷᠡ ᠤᠷᠤᠢ ᠳ᠋ᠠᠭᠠᠨ᠂ ᠡᠮᠴᠢᠯᠡᠭᠡᠨ ᠦ ᠠᠩᠭᠢ ᠳᠡᠷᠡ ᠳᠠᠷᠤᠢ ᠳ᠋ᠤᠨᠢ ᠱᠠᠩᠬᠠᠢ᠎ᠶ᠋ᠢᠨ ᠪᠥᠭᠡᠮ ᠬᠦᠴᠢᠯ᠎ᠦᠨ ᠦᠯᠢᠭᠡᠷ ᠠᠪᠬᠤ ᠪᠠᠴᠢᠮ ᠡᠭᠦᠷᠭᠡ᠎ᠶ᠋ᠢ ᠬᠦᠯᠢᠶᠡᠨ ᠠᠪᠴᠤ᠌᠂ ᠰᠥᠨᠢ᠎ᠪᠡᠷ ᠵᠣᠬᠢᠶᠠᠨ ᠪᠠᠢᠭᠤᠯᠵᠤ ᠪᠣᠯᠪᠠᠰᠤᠷᠠᠯ ᠬᠢᠪᠡ᠃ ᠳᠠᠷᠠᠭ᠎ᠠ ᠡᠳᠦᠷ ᠨᠢ ᠡᠮᠴᠢᠯᠡᠭᠡᠨ᠎ᠦ ᠠᠩᠭᠢ 245 ᠭᠡᠱᠢᠭᠦᠨ ᠰᠣᠩᠭᠣᠨ ᠲᠣᠮᠢᠯᠠᠵᠤ ᠪᠥᠭᠡᠮ ᠬᠦᠴᠢᠯ᠎ᠤᠨ ᠦᠯᠢᠭᠡᠷ ᠠᠪᠬᠤ ᠠᠵᠢᠯ᠎ᠳᠤ ᠣᠷᠣᠯᠴᠠᠭᠤᠯᠵᠤ᠂ ᠲᠤᠰ ᠡᠳᠦᠷ᠎ᠲᠡᠬᠡᠨ 20042 ᠬᠤᠪᠢ ᠦᠯᠢᠭᠡᠷ ᠠᠪᠬᠤ ᠵᠢ ᠪᠡᠶᠡᠯᠡᠬᠦᠯᠪᠡ᠃
ᠡᠭᠦᠨ᠎ᠦ ᠳᠠᠷᠠᠭ᠎ᠠ᠂ ᠰᠡᠷᠭᠡᠢᠯᠡᠨ ᠬᠠᠮᠠᠭᠠᠯᠠᠬᠤ ᠴᠢᠩᠭ᠎ᠠ ᠪᠣᠯᠪᠠᠰᠤᠷᠠᠯ ᠪᠣᠯᠤᠨ ᠡᠯ᠎ᠡ ᠵᠦᠢᠯ᠎ᠦᠨ ᠪᠡᠯᠡᠳᠭᠡᠯ ᠠᠵᠢᠯ᠎ᠢ ᠬᠢᠭ᠌ᠰᠡᠨ᠎ᠦ ᠳᠠᠷᠠᠭ᠎ᠠ᠂ ᠥᠪᠥᠷ ᠮᠣᠩᠭᠣᠯ᠎ᠤᠨ ᠱᠠᠩᠬᠠᠢ᠎ᠶ᠋ᠢ ᠲᠤᠰᠠᠯᠠᠬᠤ ᠡᠮᠴᠢᠯᠡᠭᠡᠨ᠎ᠦ ᠠᠩᠭᠢ 4 ᠰᠠᠷ᠎ᠠ᠎ᠶ᠋ᠢᠨ 29 ᠤ᠋ ᠡᠳᠦᠷ ᠾᠧᠨᠠᠨ ᠮᠤᠵᠢ᠎ᠶ᠋ᠢᠨ ᠡᠮᠴᠢᠯᠡᠭᠡᠨ᠎ᠦ ᠠᠩᠭᠢ᠎ᠲᠠᠶ ᠵᠢᠩᠬᠢᠨᠢ᠎ᠪᠡᠷ ᠠᠵᠢᠯ᠎ᠢᠶᠠᠨ ᠵᠤᠯᠭᠠᠯᠴᠠᠭᠤᠯᠵᠥ᠂ ᠱᠠᠩᠬᠠᠢ ᠶ᠋ᠢᠨ ᠫᠦᠳᠦ᠋ᠩ᠎ᠤᠨ ᠨᠢᠬᠡᠨ ᠴᠢᠩᠭᠡᠯᠢᠭ ᠡᠮᠨᠡᠯᠭᠡ᠎ᠶ᠋ᠢᠨ ᠬᠣᠷᠢᠶ᠎ᠠ᠎ᠶ᠋ᠢ ᠪᠦᠬᠦ᠌ ᠪᠠᠢᠭᠤᠯᠤᠮᠵᠢ᠎ᠶ᠋ᠢᠨ ᠳᠦᠷᠢᠮ᠎ᠢᠶᠡᠷ ᠬᠦᠯᠢᠶᠡᠨ ᠠᠪᠴᠤ᠌ ᠬᠠᠮᠢᠶᠠᠷᠪᠠ᠃
5 ᠰᠠᠷ᠎ᠠ᠎ᠶ᠋ᠢᠨ 6᠎ᠤ᠋ ᠡᠳᠦᠷ᠂ ᠥᠪᠥᠷ ᠮᠣᠩᠭᠣᠯ᠎ᠤᠨ ᠱᠠᠩᠬᠠᠶ ᠶ᠋ᠢ ᠲᠤᠰᠠᠯᠠᠬᠤ ᠡᠮᠴᠢᠯᠡᠭᠡᠨ᠎ᠦ ᠠᠩᠭᠢ᠎ᠨᠢ ᠤᠯᠤᠰ᠎ᠤᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠠᠵᠢᠯ᠎ᠤᠨ ᠳᠤᠭᠤᠢᠯᠠᠩ᠎ᠤᠨ ᠵᠢᠭᠠᠪᠤᠷᠢ᠎ᠶ᠋ᠢ ᠭᠥᠯᠢᠶᠡᠨ ᠠᠪᠴᠤ᠌᠂ ᠪᠤᠭᠤᠲᠤ ᠬᠣᠲᠠ᠂ ᠤᠯᠠᠭᠠᠨᠴᠠᠪ ᠬᠣᠲᠠ᠂ ᠣᠷᠳᠣᠰ ᠬᠣᠲᠠ ᠵᠡᠷᠭᠡ 3 ᠡᠮᠴᠢᠯᠡᠭᠡᠨ᠎ᠦ ᠬᠤᠪᠢᠶᠠᠷᠢ ᠠᠩᠭᠢ ᠶ᠋ᠢᠨ 542 ᠭᠡᠱᠢᠭᠦᠨ᠎ᠢ ᠰᠣᠩᠭᠣᠨ ᠭᠠᠷᠭᠠᠵᠤ᠂ ᠱᠠᠩᠬᠠᠶ ᠬᠣᠲᠠ᠎ᠶ᠋ᠢᠨ ᠮᠢᠨᠱᠢᠩ ᠲᠣᠭᠣᠷᠢᠭ᠎ᠤᠨ ᠭᠤᠸᠠᠨ ᠬᠠᠶ ᠡᠷᠡᠭᠦᠯᠵᠢᠯ᠂ ᠮᠢᠨᠱᠢᠩ ᠲᠣᠭᠣᠷᠢᠭ᠎ᠤᠨ ᠬᠢᠲᠠᠳ ᠧᠦ᠋ᠷᠣᠫᠠ ᠡᠮᠨᠡᠯᠭᠡ᠎ᠶ᠋ᠢ ᠤᠶᠠᠯᠳᠤᠭᠤᠯᠤᠬᠰᠠᠨ ᠬᠣᠶᠠᠷ ᠲᠣᠭ᠍ᠲᠠᠭ᠍ᠰᠠᠨ ᠴᠡᠭ᠎ᠦᠨ ᠡᠮᠨᠡᠯᠭᠡ᠎ᠶ᠋ᠢᠨ ᠬᠣᠷᠢᠶ᠎ᠠ ᠵᠢ ᠳᠤᠰᠠᠯᠠᠵᠥ᠂ ᠳᠥᠷᠪᠡᠨ ᠡᠪᠡᠳᠴᠢᠲᠡᠨ᠎ᠦ ᠲᠣᠭᠣᠷᠢᠭ᠎ᠤᠨ 196 ᠣᠷᠣ᠎ᠶ᠋ᠢ ᠭᠥᠯᠢᠶᠡᠨ ᠠᠪᠴᠤ᠌ ᠬᠠᠮᠢᠶᠠᠷᠪᠠ᠃
5 ᠰᠠᠷ᠎ᠠ᠎ᠶ᠋ᠢᠨ 17᠎ᠤ᠋ ᠡᠳᠦᠷ᠂ ᠥᠪᠥᠷ ᠮᠣᠩᠭᠣᠯ᠎ᠤᠨ ᠱᠠᠩᠬᠠᠶ᠎ᠶ᠋ᠢ ᠲᠤᠰᠠᠯᠠᠬᠤ ᠡᠮᠴᠢᠯᠡᠭᠡᠨ᠎ᠦ ᠠᠩᠭᠢ ᠴᠢᠩᠭᠡᠯᠢᠭ ᠡᠮᠨᠡᠯᠭᠡ ᠶ᠋ᠢᠨ ᠬᠣᠷᠢᠶᠠᠨ᠎ᠤ ᠪᠥᠬᠥ᠌ ᠡᠮᠨᠡᠨ ᠠᠪᠤᠷᠬᠠᠸ᠋ ᠠᠵᠢᠯ᠎ᠢ ᠲᠡᠭᠦᠰ ᠠᠮᠵᠢᠯᠲᠠ ᠲᠠᠶ ᠪᠡᠶᠡᠯᠡᠭᠦᠯᠵᠦ᠍᠂ ᠴᠢᠩᠬᠡᠯᠢᠭᠢ ᠬᠠᠭᠠᠬᠰᠠᠨᠢ ᠵᠠᠷᠯᠠᠪᠠ᠃ ᠭᠥᠯᠢᠶᠡᠨ ᠠᠪᠴᠤ᠌ ᠬᠠᠮᠢᠶᠠᠷᠬᠤ ᠬᠤᠭᠤᠴᠠᠭᠠᠨ᠎ᠳᠤ᠂ ᠡᠮᠴᠢᠯᠡᠭᠡᠨ᠎ᠦ ᠠᠩᠭᠢ᠎ᠶ᠋ᠢᠨ᠎ᠬᠢᠨ ᠨᠡᠢᠲᠡ 2366 ᠡᠪᠡᠳᠴᠢᠲᠡᠨ᠎ᠢ ᠭᠥᠯᠢᠶᠡᠨ ᠠᠪᠴᠤ᠌ ᠡᠮᠨᠡᠨ ᠵᠠᠰᠠᠵᠤ᠂ ᠨᠡᠢᠲᠡ 2310 ᠬᠥᠮᠦᠨ ᠡᠮᠨᠡᠯᠭᠡ᠎ᠡᠴᠡ ᠭᠠᠷᠴᠤ᠌᠂ 56 ᠬᠥᠮᠦᠨ ᠡᠮᠨᠡᠯᠭᠡ ᠱᠢᠯᠵᠢᠵᠦ᠍᠂ ᠨᠡᠢᠲᠡ 7278 ᠬᠥᠮᠦᠨ ᠤᠳᠠᠭ᠎ᠠ ᠵᠢᠨ ᠪᠥᠭᠡᠮ ᠬᠦᠴᠢᠯ᠎ᠦᠨ ᠪᠠᠢᠴᠠᠭᠠᠯᠲᠠ ᠬᠢᠪᠡ᠃
5 ᠰᠠᠷ᠎ᠠ᠎ᠶ᠋ᠢᠨ 25 ᠤ᠋ ᠦᠳᠡ᠎ᠶ᠋ᠢᠨ ᠬᠣᠢᠨᠠᠬᠢ 2 ᠴᠠᠭ ᠲᠤ᠂ ᠡᠮᠴᠢᠯᠡᠭᠡᠨ᠎ᠦ ᠠᠩᠭᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶᠠᠨ᠎ᠤ ᠠᠵᠢᠯ᠎ᠤᠨ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠨᠡᠢᠲᠡ 698 ᠡᠪᠡᠳᠴᠢᠲᠡᠨ᠎ᠢ ᠬᠠᠮᠢᠶᠠᠷᠪᠠ᠃
ᠸᠠᠩ ᠷᠦ ᠭᠠᠩ ᠤᠷᠢᠳ ᠵᠢᠡᠷ ᠴᠢᠩᠭᠡᠯᠢᠭ ᠡᠮᠨᠡᠯᠭᠡ᠎ᠶ᠋ᠢᠨ ᠬᠣᠷᠢᠶᠠᠨ᠎ᠤ 8 ᠳ᠋ᠤᠭᠠᠷ ᠨᠣᠮᠧᠷᠲᠤ ᠠᠰᠠᠷ᠎ᠤᠨ ᠡᠪᠡᠳᠴᠢᠲᠡᠨ᠎ᠦ ᠲᠣᠭᠣᠷᠢᠭ᠎ᠤᠨ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍᠂ ᠮᠠᠰᠢ ᠤᠯᠠᠨ ᠡᠪᠡᠳᠴᠢᠲᠡᠨ ᠴᠢᠩᠭᠡᠯᠢᠭ ᠡᠮᠨᠡᠯᠭᠡ᠎ᠶ᠋ᠢᠨ ᠬᠣᠷᠢᠶ᠎ᠠ᠎ᠡᠴᠡ ᠢᠯᠠᠷᠢᠱᠢᠵᠤ ᠡᠮᠨᠡᠯᠭᠡ᠎ᠡᠴᠡ ᠭᠠᠷᠬᠤ᠎ᠶ᠋ᠢ ᠳᠠᠭᠠᠯᠳᠤᠨ᠂ ᠸᠠᠩ ᠷᠦ᠋ ᠭᠠᠩ《ᠳᠠᠢ᠌ᠴᠢᠨ ᠨᠥᠬᠥᠳ》᠎ᠲᠠᠢ ᠪᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍᠂ 3 ᠡᠪᠡᠳᠴᠢᠲᠡᠨ᠎ᠦ ᠲᠣᠭᠣᠷᠢᠭ᠎ᠤᠨ ᠡᠷᠬᠢᠯᠡᠭ᠌ᠴᠢ ᠶ᠋ᠢᠨ ᠲᠤᠱᠢᠶᠠᠯ᠎ᠢ ᠡᠭᠦᠷᠭᠡᠯᠡᠪᠡ᠃ ᠲᠡᠭᠦᠨ᠎ᠤ ᠲᠤᠳᠤᠷᠬᠠᠢ ᠴᠡᠭᠡᠵᠢᠯᠡᠵᠤ ᠪᠠᠢᠬᠤ ᠪᠡᠷ᠂ ᠭᠡᠱᠢᠭᠦᠳ ᠠᠩᠬ᠎ᠠ ᠱᠠᠩᠬᠠᠢ᠎ᠳᠤ ᠬᠦᠷᠬᠦ᠌᠎ᠳᠦ᠂ ᠴᠢᠩᠭᠡᠯᠢᠭ ᠡᠮᠨᠡᠯᠭᠡ ᠵᠢᠨ ᠬᠤᠷᠢᠶ᠎ᠠ ᠶ᠋ᠢᠨ ᠠᠵᠢᠯᠯᠠᠬᠤ ᠭᠠᠵᠠᠷ ᠨᠢ ᠰᠠᠭᠤᠭ᠎ᠠ ᠭᠠᠵᠠᠷ᠎ᠡᠴᠡ ᠨᠢᠭᠡ ᠴᠠᠭ ᠬᠠᠭᠠᠰ᠎ᠤᠨ ᠵᠠᠮ᠎ᠤᠨ ᠵᠠᠢᠲᠠᠶ᠂ ᠠᠵᠢᠯᠯᠠᠬᠤ ᠡᠲᠡᠭᠡᠳ᠎ᠦᠨ ᠲᠠᠨᠢᠯ ᠪᠤᠰᠤ᠂ ᠦᠭᠡ ᠬᠡᠯᠡᠨ᠎ᠦ ᠲᠠᠯ᠎ᠠ᠎ᠪᠠᠷ ᠨᠡᠪᠲᠡᠷᠡᠯᠴᠡᠬᠦ᠌᠎ᠳᠦ ᠬᠦᠴᠢᠷ᠂ ᠡᠳᠦᠷ ᠪᠦᠷᠢ᠎ᠶ᠋ᠢᠨ ᠠᠵᠢᠯᠯᠠᠬᠤ ᠴᠠᠭ ᠪᠣᠯᠤᠨ ᠵᠠᠮ ᠬᠠᠷᠢᠯᠴᠠᠭ᠎ᠠ᠂ ᠵᠢᠴᠢ ᠬᠦᠯᠢᠶᠡᠬᠦ᠌ ᠴᠠᠭ᠎ᠢ ᠨᠡᠮᠡᠪᠡᠯ᠂ ᠤᠯᠠᠨ᠎ᠢᠶᠠᠷ᠎ᠢᠶᠠᠨ ᠲᠣᠭ᠍ᠲᠠᠭ᠍ᠰᠠᠨ ᠴᠠᠭ ᠲᠠᠭᠠᠨ ᠬᠣᠭᠣᠯᠠ ᠣᠯᠵᠤ ᠢᠳᠡᠬᠦ᠌᠎ᠳᠦ ᠬᠦᠴᠢᠷ ᠪᠠᠢᠳᠠᠭ᠂ ᠭᠡᠪᠡᠴᠦ᠍ ᠬᠦᠴᠢᠷ ᠪᠡᠷᠬᠡᠱᠢᠶᠡᠯ᠎ᠲᠡᠶ ᠲᠦᠷᠦᠭᠦᠦ ᠭᠠᠷᠠᠭ᠎ᠢ ᠥᠩᠭᠡᠷᠡᠭᠡᠭᠡᠳ᠂ ᠤᠯᠠᠨ᠎ᠢᠶᠠᠷ᠎ᠢᠶᠠᠨ ᠴᠢᠩᠭᠡᠯᠢᠭ ᠡᠮᠨᠡᠯᠭᠡ ᠵᠢᠨ ᠬᠤᠷᠢᠶ᠎ᠠ ᠶ᠋ᠢᠨ ᠠᠵᠢᠯ᠎ᠳᠤ ᠪᠦᠷᠢᠮᠦᠰᠦᠨ ᠵᠣᠬᠢᠴᠠᠵᠤ ᠴᠢᠳᠠᠭ᠍ᠰᠠᠨ ᠪᠠᠢᠨ᠎ᠠ᠃
ᠴᠢᠩᠭᠡᠯᠢᠭ ᠡᠮᠨᠡᠯᠭᠡ᠎ᠶ᠋ᠢᠨ ᠬᠣᠷᠢᠶ᠎ᠠ᠎ᠳᠤ᠂ ᠡᠮᠴᠢᠯᠡᠭᠡᠨ᠎ᠦ ᠠᠩᠭᠢ᠎ᠶ᠋ᠢᠨ᠎ᠬᠢᠨ ᠰᠠᠭᠤᠷᠢ ᠡᠪᠡᠳᠴᠢᠨ ᠲᠠᠢ ᠡᠪᠡᠳᠴᠢᠳᠠᠨ᠎ᠢ ᠣᠨᠴᠠᠭᠠᠢᠯᠠᠨ ᠠᠩᠬᠠᠷᠴᠤ᠌᠂ ᠲᠡᠳᠡᠨ᠎ᠳᠦ ᠲᠤᠰᠭᠠᠶ ᠰᠠᠯᠠᠭᠠᠨ᠎ᠤ ᠬᠠᠮᠲᠤᠷᠠᠭ᠍ᠰᠠᠨ ᠣᠨᠣᠱᠢᠯᠠᠭᠠ ᠥᠷᠨᠢᠭᠦᠯᠵᠦ᠍᠂ ᠲᠡᠳᠡᠨ᠎ᠦ ᠡᠪᠡᠳᠴᠢᠨ ᠬᠦᠨᠳᠦᠷᠡᠬᠦ᠌ᠡᠴᠡ ᠵᠠᠢᠯᠠᠰᠭᠢᠵᠦ᠍᠂ ᠪᠠᠰᠠ ᠴᠢᠬᠢᠨ᠎ᠤ ᠪᠠᠯᠴᠢᠷ᠎ᠲᠤ ᠡᠮ ᠳᠠᠷᠤᠬᠤ ᠵᠡᠷᠭᠡ ᠬᠢᠲᠠᠳ ᠡᠮᠨᠡᠯᠭᠡ᠎ᠶ᠋ᠢᠨ ᠣᠨᠴᠠᠯᠢᠭ᠍ᠲᠤ ᠡᠮᠴᠢᠯᠡᠭᠡ ᠥᠷᠨᠢᠭᠦᠯᠵᠦ᠍᠂ ᠴᠢᠩᠭᠡᠯᠢᠭ ᠳᠣᠲᠣᠷ᠎ᠠ ᠬᠦᠰᠡᠯ ᠡᠷᠡᠮᠡᠯᠵᠡᠯ᠎ᠦᠨ ᠬᠡᠷᠡᠮ᠂ ᠰᠤᠷᠤᠯᠴᠠᠬᠤ ᠪᠤᠯᠤᠩ᠂ ᠢᠳᠡᠭᠡᠨ ᠨᠥᠬᠥᠪᠥᠷᠢᠯᠡᠬᠦ᠌ ᠥᠷᠲᠡᠭᠡ ᠪᠠᠢᠭᠤᠯᠵᠤ᠂ ᠲᠤᠯᠤᠭᠠᠨ ᠠᠯᠬᠤᠮ᠎ᠤᠨ ᠭᠠᠷ ᠤᠬᠢᠶᠠᠬᠤ ᠠᠷᠭ᠎ᠠ᠂ ᠨᠠᠶ᠋ᠮᠠᠨ ᠭᠡᠰᠡᠭ ᠤᠨ ᠪᠡᠶ᠎ᠠ ᠴᠢᠬᠢᠷᠠᠬᠵᠢᠭᠤᠯᠬᠤ ᠠᠷᠭ᠎ᠠ᠂ ᠠᠮᠢᠰᠭᠤᠯ᠎ᠤᠨ ᠲᠠᠮᠢᠷ ᠵᠡᠷᠭᠡ ᠠᠵᠢᠯᠯᠠᠭ᠎ᠠ ᠥᠷᠨᠢᠭᠦᠯᠵᠦ᠍᠂ ᠵᠠᠯᠠᠭᠤᠴᠤᠳ᠎ᠤᠨ ᠪᠠᠶᠠᠷ᠂ ᠡᠬᠡᠴᠤᠤᠯ᠎ᠦᠨ ᠪᠠᠶᠠᠷ᠂ ᠰᠤᠪᠢᠯᠠᠭ᠍ᠴᠢ᠎ᠶ᠋ᠢᠨ ᠪᠠᠶᠠᠷ᠂ ᠣᠯᠠᠨ ᠤᠯᠤᠰ᠎ᠤᠨ ᠬᠡᠷ ᠪᠦᠯᠢ᠎ᠶ᠋ᠢᠨ ᠡᠳᠦᠷ ᠲᠤ᠌ ᠲᠣᠰ ᠲᠣᠰ ᠭᠤᠤᠯ ᠰᠡᠳᠦᠪᠲᠦ ᠡᠳᠦᠷ᠎ᠦᠨ ᠠᠵᠢᠯᠯᠠᠭ᠎ᠠ ᠥᠷᠨᠢᠭᠦᠯᠵᠦ᠍᠂ ᠡᠪᠡᠳᠴᠢᠲᠡᠨ᠂ ᠰᠠᠢᠨ ᠳᠤᠷᠠᠴᠤᠳ ᠪᠣᠯᠤᠨ ᠴᠠᠭ᠍ᠳᠠᠭ᠎ᠠ ᠶ᠋ᠢᠨ ᠡᠩᠨᠡᠭᠡ᠎ᠲᠡᠶ ᠭᠦᠨ ᠵᠤᠵᠠᠭᠠᠨ ᠨᠥᠬᠥᠷᠯᠡᠯ ᠪᠠᠢᠭᠤᠯᠪᠠ᠃ ᠤᠯᠠᠨ ᠵᠢᠡᠷ ᠵᠢᠡᠨ ᠪᠠᠰᠠ ᠥᠪᠥᠷ ᠮᠣᠩᠭᠣᠯ᠎ᠡᠴᠡ ᠠᠪᠴᠢᠷᠠᠭ᠍ᠰᠠᠨ ᠪᠣᠷᠴᠠ᠂ ᠪᠢᠱᠢᠯᠠᠭᠢ ᠡᠪᠡᠳᠴᠢᠲᠡᠨ᠎ᠳᠦ ᠬᠦᠷᠭᠡᠪᠠ᠃
《ᠨᠢᠭᠡ ᠰᠠᠷ᠎ᠠ᠎ᠶ᠋ᠢᠨ ᠲᠤᠰᠠᠯᠠᠮᠵᠢ᠎ᠪᠠᠷ ᠳᠡᠮᠵᠢᠨ᠂ ᠪᠢᠳᠡ ᠱᠠᠩᠬᠠᠶ᠎ᠶ᠋ᠢᠨ ᠡᠪᠡᠳᠴᠢᠲᠡᠨ᠎ᠲᠡᠶ ᠮᠠᠷᠲᠠᠭ᠍ᠳᠠᠰᠢ ᠥᠬᠡᠶ ᠨᠥᠬᠥᠷᠯᠡᠯ ᠢ ᠪᠠᠢᠭᠤᠯᠤᠭ᠍ᠰᠠᠨ ᠪᠥᠭᠡᠳ ᠱᠠᠩᠬᠠᠶ᠎ᠶ᠋ᠢᠨ ᠡᠮᠴᠢᠯᠡᠭᠡᠨ᠎ᠤ ᠠᠵᠢᠯᠳᠠᠳ ᠲᠠᠢ 〈ᠳᠠᠢᠴᠢᠨ ᠬᠠᠨᠢ〉 ᠶ᠋ᠢᠨ ᠭᠦᠨ ᠵᠤᠵᠠᠭᠠᠨ ᠬᠠᠢᠷ᠎ᠠ ᠰᠡᠳᠭᠢᠯᠭᠡ ᠲᠡᠶ ᠪᠣᠯᠵᠠᠢ》 ᠭᠡᠵᠤ ᠸᠠᠩ ᠷᠦ ᠭᠠᠩ ᠬᠡᠯᠡᠪᠡ᠃
1 ᠰᠠᠷ᠎ᠠ᠎ᠶ᠋ᠢᠨ ᠱᠠᠩᠬᠠᠢ᠎ᠶ᠋ᠢ ᠲᠤᠰᠠᠯᠠᠬᠤ ᠡᠮᠴᠢᠯᠡᠭᠡᠨ᠎ᠦ ᠡᠭᠦᠷᠭᠡ᠎ᠳᠦ᠂ ᠡᠮᠴᠢᠯᠡᠭᠡᠨ᠎ᠦ ᠠᠩᠭᠢ᠎ᠶ᠋ᠢᠨ ᠭᠡᠱᠢᠭᠦᠳ ᠥᠪᠡᠷ ᠥᠪᠡᠷ᠎ᠦᠨ《ᠣᠨᠴᠠᠭᠠᠢ ᠳᠤᠷᠠᠰᠤᠮᠵᠢ》 ᠲᠠᠢ ᠪᠠᠢᠯ᠎ᠠ᠃
ᠣᠷᠳᠣᠰ ᠬᠣᠲᠠ᠎ᠶ᠋ᠢᠨ ᠲᠥᠪ ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠴᠢᠯᠡᠭᠡᠨ᠎ᠦ ᠰᠠᠯᠠᠭᠠᠨ᠎ᠤ ᠪᠤᠶᠠᠨ᠎ᠤ ᠰᠡᠳᠭᠢᠯ᠎ᠢ ᠬᠠᠮᠤᠭ ᠳᠣᠭ᠍ᠳᠣᠯᠤᠭᠤᠯᠤᠭ᠍ᠰᠠᠨ ᠨᠢ ᠡᠪᠡᠳᠴᠢᠳᠡᠨ᠎ᠤ ᠲᠤᠮᠳᠠᠬᠢ ᠰᠠᠢᠨ ᠳᠤᠷᠠᠴᠤᠤᠯ ᠪᠤᠯᠤᠨ᠎ᠠ᠃ 《ᠠᠩᠬ᠎ᠠ ᠱᠠᠩᠬᠠᠢ᠎ᠳᠤ ᠬᠦᠷᠬᠦ᠌᠎ᠳᠦ᠂ ᠪᠢᠳᠡ ᠲᠤᠬᠠᠢ᠎ᠶ᠋ᠢᠨ ᠭᠠᠵᠠᠷ᠎ᠤᠨ ᠬᠥᠮᠦᠰ᠎ᠲᠡᠶ ᠬᠠᠷᠢᠯᠴᠠᠬᠤ᠎ᠳᠤ ᠬᠦᠴᠢᠷ᠂ ᠠᠪᠠᠭ᠎ᠠ ᠠᠨᠢᠶ᠎ᠠ ᠨᠡᠷ ᠱᠠᠩᠬᠠᠢ ᠵᠢᠨ ᠨᠤᠳᠤᠭ᠎ᠤᠨ ᠠᠶᠠᠯᠭᠤ ᠪᠡᠷ ᠵᠢᠡᠨ ᠶᠠᠷᠢᠬᠤ ᠳ᠋ᠤ ᠪᠢᠳᠡ ᠰᠤᠨᠤᠰᠴᠤ ᠤᠢᠯᠠᠭᠠᠬᠤ ᠦᠭᠡᠢ᠃ ᠴᠢᠩᠭᠡᠯᠢᠭ ᠡᠮᠨᠡᠯᠭᠡ ᠵᠢᠨ ᠬᠤᠷᠢᠶᠠᠨ᠎ᠳᠦ ᠲᠤᠬᠠᠶ᠎ᠶ᠋ᠢᠨ ᠭᠠᠵᠠᠷ᠎ᠤᠨ ᠮᠠᠰᠢ ᠣᠯᠠᠨ ᠬᠥᠩᠭᠡᠨ ᠡᠪᠡᠳᠴᠢᠲᠡᠨ ᠪᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠪᠣᠶ᠂ ᠲᠠᠳᠠ ᠰᠠᠢᠨ ᠳᠤᠷ᠎ᠠ᠎ᠶ᠋ᠢᠨ ᠠᠵᠢᠯᠯᠠᠭ᠍ᠴᠢ ᠶ᠋ᠢᠨ ᠠᠵᠢᠯ᠎ᠢ ᠰᠠᠨᠠᠭᠠᠴᠢᠯᠠᠭ᠎ᠠ᠎ᠡᠴᠡ᠎ᠪᠠᠨ ᠡᠭᠦᠷᠭᠡᠯᠡᠵᠦ᠍᠂ ᠪᠢᠳᠡᠨ᠎ᠢ ᠬᠠᠪᠰᠤᠷᠤᠨ ᠡᠳ᠋ ᠪᠣᠳᠠᠰ ᠲᠦᠭᠡᠭᠡᠵᠦ᠍᠂ ᠪᠢᠳᠡᠨ᠎ᠢ ᠬᠠᠪᠰᠤᠷᠤᠨ ᠵᠣᠬᠢᠴᠠᠭᠤᠯᠵᠤ᠂ ᠵᠠᠷᠢᠮ ᠪᠠᠴᠢᠮᠳᠠᠵᠤ ᠰᠠᠨᠳᠤᠷᠴᠤ᠌ ᠪᠠᠢᠭ᠎ᠠ ᠡᠪᠡᠳᠴᠢᠲᠡᠨ ᠢ ᠴᠦ᠍ ᠬᠦᠯᠢᠴᠡᠩᠭᠦᠶ᠎ᠪᠡᠷ ᠬᠠᠪᠰᠤᠷᠤᠨ ᠡᠶᠡᠳᠡᠬᠦᠯᠤᠨ ᠵᠤᠬᠢᠴᠠᠭᠤᠯᠳᠠᠭ᠃ ᠪᠢᠳᠡ ᠲᠡᠳᠡᠨ᠎ᠳᠦ ᠲᠠᠯᠠᠷᠬᠠᠬᠤ ᠦᠶ᠎ᠠ᠎ᠳᠤ᠂ ᠲᠡᠳᠡ ᠬᠠᠷᠢᠨ〈ᠲᠠ ᠨᠠᠷ᠎ᠲᠤ ᠲᠠᠯᠠᠷᠬᠠᠬᠤ ᠶᠣᠰᠣᠲᠠᠢ᠂ ᠪᠢᠳᠡᠨ᠎ᠢ ᠬᠠᠪᠰᠤᠷᠬᠤ᠎ᠶ᠋ᠢᠨ ᠲᠥᠯᠥᠭᠡ ᠂ ᠲᠠ ᠨᠠᠷ ᠠᠯᠤᠰ ᠬᠤᠯᠠ ᠥᠪᠥᠷ ᠮᠣᠩᠭᠣᠯ᠎ᠡᠴᠡ ᠢᠷᠡᠵᠡᠢ᠂ ᠲᠠ ᠨᠠᠷ ᠵᠦᠳᠡᠷᠡᠯ᠎ᠡ᠃〉 ᠡᠳᠡᠭᠡᠷ ᠦᠭᠡ᠎ᠶ᠋ᠢ ᠰᠣᠨᠣᠰᠭᠤ ᠪᠦᠷᠢ᠂ ᠪᠢ ᠰᠡᠳᠭᠢᠯ ᠬᠥᠳᠡᠯᠦᠭᠡᠳ ᠨᠢᠯᠪᠤᠰᠤ ᠤᠨᠠᠭᠠᠬᠤ ᠱᠢᠬᠠᠵᠠᠢ》ᠭᠡᠵᠦ᠍ ᠪᠤᠶᠠᠨ ᠭᠡᠯᠡᠪᠡ᠃
ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯ ᠮᠡᠨᠳᠦ᠍᠎ᠶ᠋ᠢ ᠬᠠᠮᠠᠭᠠᠯᠠᠬᠤ ᠡᠮᠨᠡᠯᠭᠡ᠎ᠶ᠋ᠢᠨ ᠬᠣᠷᠢᠶᠠᠨ᠎ᠤ ᠰᠤᠪᠢᠯᠠᠭ᠍ᠴᠢ ᠵᠢᠩ ᠲᠢᠶᠠᠨ᠎ᠳᠦ ᠠᠪᠴᠤ ᠬᠡᠯᠡᠪᠡᠯ ᠬᠠᠮᠤᠭ᠎ᠤᠨ ᠮᠠᠷᠲᠠᠭ᠍ᠳᠠᠰᠢ ᠥᠬᠡᠶ ᠨᠢ ᠨᠢᠭᠡ ᠤᠳᠠᠭ᠎ᠠ ᠵᠢᠨ ᠭᠦᠨ ᠰᠡᠳᠭᠢᠯᠭᠡ ᠪᠦᠬᠦᠢ ᠰᠠᠯᠤᠯᠲᠠ ᠪᠣᠯᠤᠨ᠎ᠠ᠃ ᠮᠣᠷᠳᠠᠬᠤ᠎ᠡᠴᠡ ᠡᠮᠦᠨ᠎ᠡ᠂ ᠱᠠᠩᠬᠠᠢ ᠬᠤᠳᠠ᠎ᠶ᠋ᠢᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠱᠠᠩᠬᠠᠢ᠎ᠶ᠋ᠢ ᠲᠤᠰᠠᠯᠠᠬᠤ ᠡᠮᠴᠢᠯᠡᠭᠡᠨ᠎ᠦ ᠠᠩᠬᠢ ᠳᠤ ᠸᠠᠢ ᠲᠠᠨ᠎ᠤ ᠲᠤᠰᠬᠠᠢ ᠵᠢᠭᠤᠯᠴᠢᠯᠠᠯ᠎ᠢ ᠬᠠᠨᠭᠭᠠᠬᠰᠡᠨ ᠲᠡᠷᠡ ᠤᠷᠤᠢ᠂ ᠲᠠᠨᠢᠯ ᠪᠤᠰᠤ ᠨᠢᠭᠡᠨ ᠱᠠᠩᠬᠠᠢ᠎ᠶ᠋ᠢᠨ ᠠᠨᠢᠶ᠎ᠠ ᠡᠮᠴᠢᠯᠡᠭᠡᠨ᠎ᠦ ᠠᠩᠬᠢ ᠶ᠋ᠢᠨ ᠭᠡᠱᠢᠭᠦᠳ᠎ᠢ ᠣᠯᠵᠤ ᠦᠵᠡᠭᠡᠳ᠂ ᠲᠠᠬᠢᠨ ᠲᠠᠬᠢᠨ ᠶᠣᠰᠣᠯᠠᠵᠤ᠂ ᠤᠳᠠᠳᠠᠯ᠎ᠠ ᠰᠠᠯᠬᠤ ᠲᠤᠷ᠎ᠠ ᠦᠭᠡᠢ ᠪᠠᠢᠯ᠎ᠠ᠃
《ᠮᠠᠨ᠎ᠤ ᠪᠦᠬᠦ᠌ ᠬᠥᠮᠦᠰ ᠶᠡᠷᠦ᠍᠎ᠡᠴᠡ ᠠᠵᠢᠯ᠎ᠤᠨ ᠵᠦᠳᠡᠷᠡᠯ ᠡᠴᠡ ᠪᠤᠯᠵᠤ ᠲᠤᠰᠤᠯ ᠨᠢᠯᠪᠤᠰᠤ ᠤᠨᠠᠭᠠᠬᠰᠡᠨ ᠦᠭᠡᠢ᠂ ᠭᠡᠪᠡᠴᠦ᠍ ᠠᠨᠢᠶ᠎ᠠ᠎ᠶ᠋ᠢᠨ ᠦᠢᠯᠡ ᠠᠵᠢᠯᠯᠠᠭ᠎ᠠ ᠨᠢ ᠪᠢᠳᠠᠨ᠎ᠢ ᠨᠢᠯᠪᠤᠰᠤ ᠤᠨᠠᠭᠠᠯᠭᠠᠪᠠ᠂ ᠡᠴᠡᠩᠬᠡᠢ ᠲᠤᠷᠠᠩᠬᠠᠢ ᠪᠡᠶ᠎ᠡ ᠲᠠᠢ ᠠᠨᠢᠶ᠎ᠠ ᠲᠠᠬᠢᠨ ᠲᠠᠬᠢᠨ ᠨᠢᠷᠤᠭᠤ ᠪᠥᠬᠥᠢᠨ ᠶᠣᠰᠣᠯᠠᠬᠤ᠎ᠳᠤ᠂ ᠲᠤᠬᠠᠢ᠎ᠶ᠋ᠢᠨ ᠲᠠᠯᠠᠪᠤᠷ᠎ᠲᠤ ᠪᠠᠢᠭ᠍ᠰᠠᠨ ᠮᠠᠰᠢ ᠤᠯᠠᠨ ᠬᠥᠮᠦᠰ᠎ᠢ ᠦᠪᠡᠷ᠎ᠤᠨ ᠡᠷᠭᠡ ᠦᠭᠡᠢ ᠨᠢᠯᠪᠤᠰᠤ ᠤᠨᠠᠭᠠᠯᠭᠠᠵᠠᠢ》 ᠭᠡᠵᠦ᠍ ᠵᠢᠩ ᠲᠢᠶᠠᠨ ᠬᠡᠯᠡᠪᠡ᠃
5 ᠰᠠᠷ᠎ᠠ᠎ᠶ᠋ᠢᠨ 25᠎ᠤ᠋ ᠡᠳᠦᠷ ᠪᠣᠯᠲᠠᠯ᠎ᠠ᠂ ᠡᠮᠴᠢᠯᠡᠭᠡᠨ᠎ᠦ ᠠᠩᠭᠢ ᠱᠠᠩᠬᠠᠶ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠡᠭᠦᠷᠭᠡ᠎ᠶ᠋ᠢ ᠪᠦᠬᠦᠨ᠎ᠢ ᠪᠡᠶᠡᠯᠡᠭᠦᠯᠪᠡ᠃ ᠣᠳᠣᠬᠠᠨ᠎ᠳᠤ᠂ ᠣᠯᠠᠨ᠎ᠢᠶᠠᠷ᠎ᠢᠶᠠᠨ ᠴᠥᠮ ᠲᠣᠮᠢᠯᠠᠭ᠍ᠰᠠᠨ ᠭᠠᠵᠠᠷ᠎ᠲᠠᠭᠠᠨ ᠪᠤᠴᠠᠵᠤ ᠲᠤᠰᠠᠭᠠᠷᠯᠠᠨ ᠠᠮᠠᠷᠠᠨ ᠴᠡᠭᠴᠡᠯᠡᠵᠤ ᠪᠠᠢᠨ᠎ᠠ᠃
《ᠮᠢᠨᠦ᠍ ᠪᠣᠳᠣᠭ᠍ᠰᠠᠨ᠎ᠡᠴᠡ ᠡᠷᠲᠡ ᠬᠠᠷᠢᠵᠤ ᠢᠷᠡᠪᠡ᠂ ᠡᠬᠡᠨᠡᠷ ᠮᠢᠨᠢ ᠬᠥᠩᠭᠡᠵᠢᠬᠦ᠎ᠳᠤ ᠪᠢ ᠲᠡᠭᠦᠨ᠎ᠳᠦ ᠬᠠᠨᠢ ᠪᠣᠯᠵᠤ ᠳᠡᠢᠯᠬᠦ ᠪᠤᠯᠤᠯ᠎ᠠ !》27᠎ᠤ᠋ ᠡᠳᠦᠷ᠂ ᠣᠷᠳᠣᠰ ᠬᠣᠲᠠ᠎ᠳᠠᠭᠠᠨ ᠪᠤᠴᠠᠵᠤ ᠢᠷᠡᠭ᠌ᠰᠡᠨ ᠪᠤᠶᠠᠨ᠄《ᠣᠳᠣᠬᠠᠨ᠎ᠤ ᠬᠠᠮᠤᠭ᠎ᠤᠨ ᠶᠡᠬᠡ ᠡᠭᠦᠷᠭᠡ ᠪᠣᠯ ᠳᠠᠷᠤᠶ ᠬᠠᠮᠵᠢᠯᠴᠠᠨ ᠲᠤᠰᠠᠭᠠᠷᠯᠠᠵᠤ᠂ ᠰᠠᠨᠠᠭ᠎ᠠ ᠠᠮᠤᠷ ᠠᠮᠠᠷᠠᠵᠤ᠂ ᠡᠷᠲᠡᠬᠡᠨ ᠬᠡᠷ᠎ᠲᠡᠬᠡᠨ ᠬᠠᠷᠢᠵᠤ ᠬᠡᠷ᠎ᠦᠨ ᠬᠥᠮᠦᠰ᠎ᠲᠡᠶ᠎ᠪᠡᠨ ᠠᠭᠤᠯᠵᠠᠬᠤ ᠶᠠᠪᠤᠳᠠᠯ ᠪᠣᠯᠤᠨ᠎ᠠ! 》 ᠭᠡᠵᠤ ᠬᠡᠯᠡᠨ᠎ᠠ᠃
《ᠴᠢᠩᠭᠡᠯᠢᠭ ᠡᠮᠨᠡᠯᠭᠡ᠎ᠶ᠋ᠢᠨ ᠬᠣᠷᠢᠶ᠎ᠠ᠎ᠡᠴᠡ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ ᠬᠦᠷᠲᠡᠯ᠎ᠡ᠂ ᠪᠢᠳᠡ ᠬᠡᠳᠦᠢᠪᠡᠷ ᠲᠦᠷ ᠴᠠᠭ᠎ᠤᠨ ᠵᠣᠬᠢᠶᠠᠨ ᠪᠠᠢᠭᠤᠯᠤᠭ᠍ᠰᠠᠨ ᠪᠦᠯᠬᠦᠮ ᠪᠣᠯᠪᠠᠴᠤ᠌ ᠬᠤᠭᠤᠷᠤᠨᠳᠤ ᠪᠡᠨ ᠮᠠᠰᠢ ᠰᠠᠢᠨ ᠬᠠᠮᠵᠢᠯᠴᠠᠵᠤ᠂ ᠠᠵᠢᠯ ᠪᠠᠢᠪᠠᠯ ᠴᠥᠮ ᠪᠤᠯᠢᠶᠠᠯᠳᠤᠨ ᠬᠢᠳᠡᠭ᠃ ᠵᠣᠴᠢᠳ᠎ᠤᠨ ᠪᠠᠭᠤᠳᠠᠯ᠎ᠡᠴᠡ ᠵᠢᠮᠢᠰ ᠬᠤᠪᠢᠶᠠᠬᠤ ᠳ᠋ᠤ᠂ ᠮᠠᠰᠢ ᠣᠯᠠᠨ ᠬᠥᠮᠦᠨ ᠢᠳᠡᠬᠦ᠌᠎ᠦᠭᠡᠢ ᠪᠠᠢᠵᠤ᠂ ᠴᠢᠩᠭᠡᠯᠢᠭ ᠡᠮᠨᠡᠯᠭᠡ᠎ᠶ᠋ᠢᠨ ᠬᠣᠷᠢᠶᠠᠨ ᠳ᠋ᠤ ᠠᠪᠠᠴᠢᠨ ᠨᠠᠰᠤᠲᠠᠨ᠂ ᠬᠡᠦᠬᠡᠳ᠎ᠲᠦ ᠬᠤᠪᠢᠶᠠᠵᠤ ᠥᠭ᠌ᠳᠡᠭ ᠁ ᠢᠩᠭᠢᠵᠦ ᠬᠢᠬᠰᠡᠨ ᠨᠢ ᠪᠠᠰᠠ ᠬᠠᠷᠢᠭᠤᠲᠠᠯᠠᠷᠬᠠᠯ ᠬᠦᠷᠳᠡᠵᠠᠢ᠂ ᠡᠪᠡᠳᠴᠢᠲᠡᠨ ᠤ᠋ ᠬᠡᠷᠡᠮ ᠳᠡᠭᠡᠷ᠎ᠡ ᠲᠠᠯᠠᠷᠬᠠᠯ ᠤ᠋ᠨ ᠪᠢᠴᠢᠭ ᠨᠠᠭᠠᠭᠰᠠᠨ ᠢ᠋ ᠣᠯᠵᠤ ᠬᠠᠷᠠᠪᠡᠯ᠂ ᠠᠯᠢᠪᠠ ᠬᠢᠭᠰᠡᠨ ᠪᠦᠬᠦᠨ ᠮᠠᠨᠢ ᠴᠥᠮ ᠦᠨ᠎ᠠ ᠴᠡᠨ᠎ᠡ᠎ᠲᠡᠶ ᠪᠤᠳᠤᠭᠳᠠᠳᠠᠭ》 ᠭᠡᠵᠦ ᠸᠠᠩ ᠷᠦ ᠭᠠᠩ ᠬᠡᠯᠡᠯ᠎ᠠ᠃
ᠨᠢᠭᠡ ᠤᠴᠢᠵᠤ ᠨᠢᠭᠡ ᠢᠷᠡᠭᠡᠳ᠂ ᠬᠠᠮᠤᠭ᠎ᠤᠨ ᠭᠦᠨ ᠰᠠᠭᠤᠭᠳᠠᠯ ᠨᠢ ᠲᠠᠷᠤᠢ ᠰᠡᠳᠬᠢᠯ ᠳ᠋ᠤ ᠲᠤᠪ ᠳᠤᠯᠠᠭᠠᠨ ᠰᠠᠨᠠᠭ᠍ᠳᠠᠨ᠎ᠠ᠃ ᠸᠠᠩ ᠷᠦ ᠭᠠᠩ᠄《ᠤᠴᠢᠬᠤ ᠦᠶ᠎ᠡ᠎ᠳᠦ ᠪᠢ ᠪᠠᠰᠠ ᠰᠡᠳᠬᠢᠯ ᠤ᠋ᠨ ᠲᠠᠷᠤᠭᠠᠰᠤ᠎ᠲᠠᠶ ᠪᠠᠢᠯ᠎ᠠ᠂ ᠡᠵᠢ ᠵᠢᠨ ᠨᠠᠰᠤᠨ ᠰᠡᠭᠦᠳᠡᠷ ᠦᠨᠳᠦᠷ᠂ ᠮᠢᠨᠦ᠍ ᠠᠮᠤᠷ ᠲᠦᠪᠱᠢᠨ᠎ᠦ ᠲᠥᠯᠥᠭᠡ ᠣᠨᠴᠠᠭᠠᠢ ᠰᠠᠨᠠᠭᠠᠱᠢᠷᠠᠵᠦ ᠪᠠᠢᠪᠠ᠃ ᠭᠡᠪᠡᠴᠦ᠍ ᠮᠠᠨᠵᠤᠤᠷ ᠢ᠋ ᠲᠤᠰᠠᠯᠠᠬᠤ ᠬᠢᠵᠢᠭ᠎ᠲᠡᠶ ᠲᠡᠮᠡᠴᠡᠭᠰᠡᠨ ᠠᠵᠢᠯ ᠵᠢᠡᠷ ᠳᠠᠮᠵᠢᠨ ᠲᠤᠷᠱᠢᠯᠭ᠎ᠠ᠎ᠲᠠᠶ ᠪᠣᠯᠤᠭ᠍ᠰᠠᠨ ᠪᠣᠯᠬᠣᠷ ᠭᠡᠷ᠎ᠦᠨ ᠬᠥᠮᠦᠰ ᠪᠦᠷ ᠳᠡᠮᠵᠢᠵᠡᠢ᠃ ᠪᠢᠳᠡ ᠠᠮᠢᠰᠭᠤᠯ᠎ᠤᠨ ᠲᠤᠰᠭᠠᠶ ᠮᠡᠷᠭᠡᠵᠢᠯ ᠢ᠋ ᠤᠷᠤᠯᠳᠤᠵᠤ ᠪᠠᠢᠬᠤ ᠲᠤᠯᠠ ᠨᠠᠩ ᠵᠠᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ ᠪᠠᠢᠳᠠᠭ᠃ ᠡᠮᠨᠡᠯᠭᠡ᠎ᠶ᠋ᠢᠨ ᠬᠣᠷᠢᠶᠠᠨ᠎ᠤ ᠡᠳ᠋ ᠪᠣᠳᠠᠰ᠎ᠤᠨ ᠪᠠᠲᠤᠯᠠᠭ᠎ᠠ ᠳ᠋ᠤ ᠶᠠᠭᠤ ᠴᠤ᠌ ᠪᠦᠷ ᠪᠠᠢᠨ᠎ᠠ᠂ ᠴᠢᠷᠦᠭᠦᠯ ᠱᠠᠬᠠᠶ᠂ ᠣᠢᠮᠣᠰᠤ᠂ ᠡᠮ ᠵᠡᠷᠭᠡ ᠪᠢᠳᠡᠨ᠎ᠦ ᠪᠣᠳᠣᠵᠤ ᠣᠯᠤᠭ᠍ᠰᠠᠨ ᠦᠭᠡᠢ ᠨᠠᠷᠢᠨ ᠵᠦᠶ᠋ᠯᠡᠰ᠎ᠢ ᠪᠠᠭ᠍ᠲᠠᠭᠠᠪᠠ᠃ ᠱᠠᠩᠬᠠᠢ᠎ᠳᠤ ᠣᠴᠢᠬᠤ᠎ᠡᠴᠡ ᠡᠮᠦᠨ᠎ᠡ᠂ ᠬᠤᠳᠠ᠎ᠶ᠋ᠢᠨ ᠤᠳᠤᠷᠢᠳᠤᠯᠭ᠎ᠠ᠂ ᠬᠤᠷᠢᠶᠠᠨ ᠤ᠋ ᠤᠳᠤᠷᠢᠳᠤᠯᠭ᠎ᠠ᠄ 〈ᠲᠠ᠎ᠨᠠᠷ ᠰᠠᠨᠠᠭ᠎ᠠ ᠠᠮᠤᠷ ᠬᠢᠵᠢᠭ᠎ᠲᠡᠶ ᠲᠡᠮᠡᠴᠡᠭᠡᠷᠠᠢ᠂ ᠠᠷᠤ ᠲᠠᠯ᠎ᠠ ᠶ᠋ᠢᠨ ᠪᠠᠲᠤᠯᠠᠭ᠎ᠠ᠎ᠶ᠋ᠢᠨ ᠠᠵᠢᠯ᠎ᠢ ᠪᠢᠳᠡ ᠬᠠᠮᠢᠶᠠᠷᠤᠶ᠎ᠠ〉ᠭᠡᠵᠦ᠍ ᠬᠡᠯᠡᠪᠡ᠂ ᠱᠠᠩᠬᠠᠢ᠎ᠳᠦ ᠪᠠᠢᠬᠤ ᠳ᠋ᠤ᠂ ᠵᠣᠴᠢᠳ᠎ᠤᠨ ᠪᠠᠭᠤᠳᠠᠯ᠂ ᠦᠢᠯᠡᠴᠢᠯᠡᠭ᠌ᠴᠢ᠂ ᠰᠠᠢ᠌ᠨ ᠲᠤᠷᠠᠴᠤᠤᠯ ᠮᠠᠨ᠎ᠤ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠠᠵᠢᠯ᠎ᠢ ᠮᠠᠰᠢ ᠰᠠᠢ᠌ᠨ ᠬᠢᠵᠡᠢ᠂ ᠱᠠᠩᠬᠠᠢ᠎ᠡᠴᠡ ᠪᠤᠴᠠᠵᠤ ᠢᠷᠡᠬᠦ ᠲᠡᠷᠡ ᠡᠳᠦᠷ᠂ ᠪᠢᠳᠡᠨ᠎ᠤ ᠬᠥᠮᠦᠨ ᠪᠣᠯᠭᠠᠨ ᠰᠠᠭᠤᠭᠰᠠᠨ ᠭᠡᠷ᠎ᠢᠶᠡᠨ ᠰᠠᠢᠲᠤᠷ ᠴᠡᠪᠡᠷᠯᠡᠵᠦ᠍ ᠂ ᠦᠯᠡᠳᠡᠭ᠌ᠰᠡᠨ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠢᠶᠠᠨ ᠪᠠᠭᠤᠳᠠᠯ᠎ᠳᠤ ᠬᠠᠨᠳᠢᠪᠯᠠᠪᠡ᠃ ᠨᠡᠢᠲᠡ᠎ᠶ᠋ᠢᠨ ᠮᠠᠱᠢᠨ ᠲᠡᠷᠭᠡ ᠵᠠᠮ ᠳᠡᠭᠡᠷ᠎ᠡ ᠳᠠᠪᠬᠢᠵᠤ ᠪᠠᠢᠬᠤ᠎ᠳᠤ᠂ ᠵᠠᠮ᠎ᠢᠶᠠᠷ ᠥᠩᠭᠡᠷᠡᠬᠦ᠌ ᠬᠤᠳᠠ᠎ᠶ᠋ᠢᠨ ᠠᠷᠠᠳ ᠪᠢᠳᠡᠨ ᠤ᠋ ᠵᠦᠭ ᠭᠠᠷ ᠳᠠᠯᠠᠯᠤᠨ ᠲᠠᠯᠠᠷᠬᠠᠵᠤ᠂ ᠪᠢᠳᠡ ᠪᠠᠰᠠ ᠲᠡᠳᠡᠨ᠎ᠦ ᠵᠦᠭ ᠭᠠᠷ ᠳᠠᠯᠠᠯᠤᠨ ᠮᠡᠨᠳᠦᠴᠢᠯᠡᠯ᠎ᠡ ᠁》 ᠭᠡᠵᠦ ᠶᠠᠷᠢᠯ᠎ᠠ᠃
ᠪᠠᠶᠠᠷᠲᠠᠶ᠂ ᠱᠠᠩᠬᠠᠶ! ᠥᠪᠥᠷ ᠮᠣᠩᠭᠣᠯ᠎ᠳᠠᠭᠠᠨ ᠪᠤᠴᠠᠭ᠍ᠰᠠᠨ ᠤ ᠳᠠᠷᠠᠭ᠎ᠠ᠂ ᠮᠠᠰᠢ ᠤᠯᠠᠨ ᠡᠮᠴᠢᠯᠡᠭᠡᠨ᠎ᠦ ᠠᠩᠭᠢ᠎ᠶ᠋ᠢᠨ ᠭᠡᠱᠢᠭᠦᠳ ᠵᠠᠪᠱᠢᠶᠠᠨ᠎ᠲᠠᠶ ᠪᠣᠯ ᠲᠠᠬᠢᠨ ᠱᠠᠩᠬᠠᠢ᠎ᠳᠤ ᠣᠴᠢᠨ᠎ᠡ ᠭᠡᠵᠦ ᠬᠦᠰᠡᠮᠵᠢᠯᠡᠪᠡ᠃
《ᠱᠠᠩᠬᠠᠢ᠎ᠶ᠋ᠢ ᠲᠤᠰᠠᠯᠠᠬᠤ ᠡᠭᠦᠷᠭᠡ᠎ᠶ᠋ᠢ ᠮᠠᠰᠢ ᠤᠷᠤᠭ᠍ᠰᠢᠲᠠᠢ ᠪᠡᠶᠡᠯᠡᠭᠦᠯᠵᠦ᠍᠂ ᠪᠡᠶ᠎ᠡ ᠳᠡᠭᠡᠷᠡᠬᠢ ᠬᠦᠨᠳᠦ ᠳᠠᠷᠤᠭᠠᠰᠤ ᠴᠤ᠌ ᠨᠡᠯᠢᠶᠡᠳ ᠬᠥᠩᠭᠡᠷᠡᠵᠡᠢ᠃》 ᠱᠠᠩᠬᠠᠶ᠎ᠶ᠋ᠢ ᠲᠤᠰᠠᠯᠠᠬᠤ ᠡᠮᠴᠢᠯᠡᠭᠡᠨ᠎ᠦ ᠠᠩᠭᠢ᠎ᠶ᠋ᠢᠨ ᠬᠣᠯᠪᠣᠭᠠᠴᠢᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠨᠡᠯᠭᠡ᠎ᠶ᠋ᠢᠨ ᠶᠠᠪᠤᠳᠠᠯ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠵᠠᠩ ᠶᠢᠩ ᠡᠮᠴᠢᠯᠡᠭᠡᠨ᠎ᠦ ᠠᠩᠭᠢ᠎ᠶ᠋ᠢᠨ ᠲᠤᠰᠠᠭᠠᠷᠯᠠᠵᠤ ᠠᠮᠠᠷᠠᠬᠤ ᠬᠤᠭᠤᠴᠠᠭ᠎ᠠ ᠵᠢᠨ ᠠᠩᠬᠠᠳᠠᠭ᠍ᠴᠢ ᠰᠦᠯᠵᠢᠶᠡᠨ ᠳᠡᠭᠡᠷᠡᠬᠢ ᠸᠢᠳᠢᠣ᠋ ᠬᠤᠷᠠᠯ ᠲᠡᠭᠦᠰᠬᠦ᠎ᠳᠦ᠂ 《ᠪᠢᠳᠡ ᠣᠴᠢᠬᠤ᠎ᠳᠠᠭᠠᠨ ᠰᠡᠷᠭᠡᠢᠯᠡᠨ ᠬᠠᠮᠠᠭᠠᠯᠠᠬᠤ ᠡᠳ᠋ ᠪᠣᠳᠠᠰ᠎ᠢ ᠭᠦᠶ᠋ᠴᠡᠳ ᠠᠪᠴᠤ᠌᠂ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠯᠠᠯ᠎ᠢ ᠰᠡᠷᠭᠡᠢᠯᠡᠬᠦ ᠪᠣᠯᠪᠠᠰᠤᠷᠠᠯ᠎ᠢ ᠣᠯᠠᠨ ᠤᠳᠠᠭ᠎ᠠ ᠥᠷᠨᠢᠭᠦᠯᠪᠡ᠂ ᠡᠭᠦᠨ᠎ᠤ ᠰᠠᠭᠤᠷᠢᠨ ᠲᠡᠭᠡᠷ᠎ᠡ᠂ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠯᠠᠯ᠎ᠢ ᠰᠡᠷᠭᠡᠢᠢᠯᠡᠬᠦ ᠲᠤᠰᠭᠠᠶ ᠮᠡᠷᠭᠡᠵᠢᠯ ᠪᠠ ᠲᠤᠱᠢᠶᠠᠯ ᠬᠠᠪᠰᠤᠷᠭᠠᠭ᠍ᠰᠠᠨ ᠳᠥᠴᠢ ᠲᠠᠪᠢᠨ ᠬᠥᠮᠦᠨ᠎ᠢ ᠰᠣᠩᠭᠣᠨ ᠲᠣᠮᠢᠯᠠᠵᠤ ᠡᠪᠡᠳᠴᠢᠲᠡᠨ᠎ᠦ ᠲᠣᠭᠣᠷᠢᠭ᠎ᠲᠤ ᠣᠴᠢᠭᠤᠯᠵᠤ ᠴᠠᠭ ᠢᠮᠠᠭ᠍ᠲᠠ ᠴᠢᠩᠭ᠎ᠠ ᠠᠵᠢᠭ᠍ᠯᠠᠬᠤ ᠪᠠ ᠬᠢᠨᠠᠨ ᠬᠠᠮᠢᠶᠠᠷᠴᠤ᠌᠂ ᠡᠮᠴᠢ ᠰᠤᠪᠢᠯᠠᠭ᠍ᠴᠢ᠎ᠶ᠋ᠢᠨ ᠬᠠᠯᠳᠠᠪᠤᠷᠢᠯᠠᠬᠤ ᠠᠶᠤᠯ ᠲᠦᠭ᠌ᠰᠢᠭᠦᠷᠢ᠎ᠶ᠋ᠢ ᠶᠡᠬᠡᠪᠡᠷ ᠪᠠᠭᠤᠷᠠᠭᠤᠯᠪᠠ᠃ ᠬᠠᠷᠢᠵᠤ ᠢᠷᠡᠭ᠌ᠰᠡᠨ᠎ᠦ ᠳᠠᠷᠠᠭ᠎ᠠ᠂ ᠪᠢᠳᠡ ᠲᠡᠳᠡᠨ᠎ᠦ ᠡᠷᠡᠭᠦᠯ ᠮᠡᠨᠳᠦ᠍᠎ᠶ᠋ᠢᠨ ᠪᠠᠢᠳᠠᠯ ᠪᠠ ᠰᠡᠳᠭᠢᠴᠡ᠎ᠶ᠋ᠢᠨ ᠪᠠᠢᠳᠠᠯ᠎ᠢ ᠤᠯᠠᠮ ᠨᠢᠭᠡ ᠠᠯᠬᠤᠮ ᠠᠩᠬᠠᠷᠤᠨ᠎ᠠ》 ᠭᠡᠵᠦ᠍ ᠬᠡᠯᠡᠪᠡ᠃
ᠱᠠᠩᠬᠠᠶ᠎ᠶ᠋ᠢ ᠲᠤᠰᠠᠯᠠᠬᠤ ᠡᠮᠴᠢᠯᠡᠭᠡᠨ᠎ᠦ ᠠᠩᠭᠢ᠎ᠶ᠋ᠢᠨ ᠳᠠᠭᠠᠭᠤᠯᠤᠭ᠍ᠴᠢ ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠢ ᠵᠥᠩ ᡁᠢ᠄《ᠡᠨᠡ ᠪᠣᠯ ᠮᠠᠨ᠎ᠤ ᠣᠷᠣᠨ᠎ᠡᠴᠡ ᠲᠣᠮᠢᠯᠠᠭ᠍ᠰᠠᠨ ᠡᠮᠴᠢᠯᠡᠭᠡᠨ᠎ᠦ ᠠᠵᠢᠯᠲᠠᠨ᠎ᠤ ᠲᠤᠭ᠎ᠠ ᠬᠠᠮᠤᠭ᠎ᠤᠨ ᠣᠯᠠᠨ ᠨᠢᠭᠡ ᠤᠳᠠᠭᠠᠨ᠎ᠤ ᠮᠤᠵᠢ ᠠᠯᠤᠰᠯᠠᠨ ᠬᠢᠵᠢᠭ᠎ᠲᠡᠶ ᠲᠡᠮᠡᠴᠡᠭᠰᠡᠨ ᠡᠮᠴᠢᠯᠡᠭᠡᠨ᠎ᠦ ᠲᠤᠰᠠᠯᠠᠮᠵᠢ᠎ᠶ᠋ᠢᠨ ᠠᠵᠢᠯᠯᠠᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠦᠰᠡᠯ ᠨᠠᠢᠳᠠᠯᠭ᠎ᠠ᠎ᠶ᠋ᠢ ᠬᠦᠯᠢᠶᠡᠵᠤ᠂ ᠭᠡᠱᠢᠭᠦᠳ ᠱᠠᠩᠬᠠᠢ᠎ᠳᠤ ᠬᠦᠷᠦᠭ᠌ᠰᠡᠨ᠎ᠦ ᠳᠠᠷᠠᠭ᠎ᠠ ᠡᠮᠨᠡᠯᠭᠡ ᠶ᠋ᠢᠨ ᠬᠣᠷᠢᠶᠠᠨ᠎ᠤ ᠡᠯ᠎ᠡ ᠵᠦᠢᠯ᠎ᠦᠨ ᠬᠠᠮᠢᠶᠠᠷᠤᠯᠲᠠ᠎ᠶ᠋ᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ ᠶ᠋ᠢ ᠬᠡᠷᠡᠭ᠌ᠵᠢᠭᠦᠯᠵᠦ᠍᠂ ᠬᠥᠮᠦᠯᠢᠭ ᠦᠢᠯᠡᠴᠢᠯᠡᠭᠡ᠎ᠶ᠋ᠢ ᠰᠠᠢᠲᠤᠷ ᠬᠢᠪᠡ᠃ ᠠᠵᠢᠯ᠎ᠤᠨ ᠳᠤᠮᠳᠠ᠎ᠪᠠᠨ ᠰᠡᠳᠭᠢᠴᠡ᠎ᠶ᠋ᠢᠨ ᠵᠢᠯᠤᠭᠤᠳᠤᠯᠭ᠎ᠠ᠎ᠶ᠋ᠢ ᠴᠢᠬᠤᠯᠠᠴᠢᠯᠠᠵᠤ᠂ ᠬᠦᠮᠦᠨ ᠰᠣᠶᠣᠯ᠎ᠤ᠋ᠨ ᠬᠠᠯᠠᠮᠵᠢᠯᠠᠯ᠎ᠢ ᠢᠯᠡᠷᠡᠭᠦᠯᠵᠦ᠍᠂ ᠬᠢᠲᠠᠳ ᠮᠣᠩᠭᠣᠯ ᠡᠮᠨᠡᠯᠭᠡ᠎ᠶ᠋ᠢᠨ ᠣᠨᠴᠠᠯᠢᠭ᠎ᠢ ᠳᠤᠪᠤᠢ᠌ᠯᠭᠠᠵᠤ᠂ ᠰᠡᠷᠡᠯ ᠮᠡᠳᠡᠷᠡᠮᠵᠢ ᠵᠢᠨ ᠡᠵᠡᠮᠳᠡᠯ᠎ᠦᠨ ᠬᠠᠮᠢᠶᠠᠷᠤᠯᠲᠠ᠎ᠶ᠋ᠢ ᠴᠢᠩᠭᠠᠳᠭᠠᠵᠤ᠂ ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠵᠦ᠍ ᠦᠷᠭᠦᠯᠵᠢᠯᠡᠨ ᠪᠠᠢᠯᠳᠤᠬᠤ ᠵᠣᠷᠢᠭ ᠰᠠᠨᠠᠭ᠎ᠠ᠎ᠶ᠋ᠢ ᠪᠠᠳᠠᠷᠠᠭᠤᠯᠪᠠ᠃ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠱᠠᠩᠬᠠᠶ ᠬᠣᠲᠠ᠎ᠶ᠋ᠢᠨ ᠠᠵᠢᠯᠯᠠᠬᠤ ᠳᠤᠭᠤᠢᠯᠠᠩ ᠮᠠᠨ᠎ᠤ ᠡᠮᠴᠢᠯᠡᠭᠡᠨ᠎ᠦ ᠠᠩᠭᠢ᠎ᠶ᠋ᠢᠨ ᠠᠵᠢᠯ᠎ᠢ ᠵᠢᠯᠣᠭᠣᠳᠴᠤ᠌᠂ ᠱᠠᠩᠬᠠᠶ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠣᠯᠪᠣᠭ᠍ᠳᠠᠯ ᠪᠥᠬᠥᠶ ᠲᠠᠯ᠎ᠠ ᠶ᠋ᠢᠨ ᠬᠢᠨ ᠪᠢᠳᠡᠨ᠎ᠢ ᠶᠡᠬᠡᠪᠡᠷ ᠳᠡᠮᠵᠢᠵᠦ᠍ ᠬᠠᠪᠰᠤᠷᠴᠠᠶ᠂ ᠡᠨᠡ ᠤᠳᠠᠭ᠎ᠠ᠎ᠶ᠋ᠢᠨ ᠱᠠᠩᠬᠠᠶ᠎ᠶ᠋ᠢ ᠲᠤᠰᠠᠯᠠᠵᠤ ᠠᠪᠤᠷᠠᠨ ᠡᠮᠨᠡᠬᠦ ᠡᠭᠦᠷᠭᠡ᠎ᠶ᠋ᠢ ᠮᠠᠰᠢ ᠲᠡᠭᠦᠰ ᠠᠮᠵᠢᠯᠲᠠ᠎ᠲᠠᠶ ᠪᠡᠶᠡᠯᠡᠭᠦᠯᠵᠡᠶ》 ᠭᠡᠵᠦ ᠬᠡᠯᠡᠪᠡ᠃
ᠡᠮᠴᠢᠯᠡᠭᠡᠨ ᠤ᠋ ᠠᠵᠢᠯᠳᠠᠳ ᠴᠠᠭᠠᠨ ᠬᠤᠶᠠᠭᠵᠢᠡᠨ ᠬᠡᠳᠤᠷᠴᠤ᠂ ᠮᠢᠩᠭᠠᠨ ᠭᠠᠵᠠᠷ᠎ᠤᠨ ᠠᠯᠤᠰ ᠲᠡᠭ᠎ᠢ ᠱᠠᠩᠬᠠᠢ᠎ᠶ᠋ᠢ ᠰᠠᠬᠢᠯᠠ᠃ ᠤᠴᠢᠬᠤ᠎ᠳᠤ᠎ᠪᠠᠨ ᠠᠶᠤᠯ᠎ᠢ ᠰᠦᠷᠦᠨ ᠤᠷᠤᠭᠰᠢᠯᠠᠵᠤ᠂ ᠪᠤᠴᠠᠬᠤ᠎ᠳᠤ ᠪᠠᠨ ᠠᠮᠤᠷ ᠲᠦᠪᠰᠢᠨ ᠡᠷᠡᠭᠦᠯ ᠴᠠᠬᠢᠷᠠᠭ ᠵᠢᠡᠷ ᠡᠭᠦᠷᠭᠡ ᠪᠡᠨ ᠪᠡᠶᠡᠯᠡᠭᠦᠯᠵᠦᠬᠠᠷᠢᠪᠠ᠃ ᠥᠪᠥᠷ ᠮᠣᠩᠭᠣᠯ᠎ᠤᠨ ᠱᠠᠩᠬᠠᠶ᠎ᠶ᠋ᠢ ᠲᠤᠰᠠᠯᠠᠬᠤ ᠡᠮᠴᠢᠯᠡᠭᠡᠨ᠎ᠦ ᠠᠩᠭᠢ ᠠᠮᠤᠷ ᠲᠦᠪᠱᠢᠨ᠎ᠢᠶᠡᠷ ᠢᠯᠡᠯᠳᠡ ᠲᠠᠢ ᠪᠤᠴᠠᠵᠤ ᠢᠷᠡᠪᠡ! (ᠭᠡᠷᠡᠯ ᠵᠢᠷᠤᠭ ᠢ᠋ ᠦᠪᠦᠷ ᠮᠤᠩᠭᠤᠯ ᠤ᠋ᠨ ᠱᠠᠩᠬᠠᠢ ᠵᠢ ᠲᠤᠰᠠᠯᠠᠬᠤ ᠡᠮᠴᠢᠯᠡᠭᠡᠨ ᠤ᠋ ᠠᠩᠭᠢ ᠬᠠᠩᠭᠠᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃