2022-06-12 21:57:22
ᠰᠤᠷᠪᠤᠯᠵᠢᠯᠠᠭ᠍ᠴᠢ ᠡᠷᠢᠶᠡᠨ ᠬᠣᠲᠠ᠎ᠶ᠋ᠢᠨ 6 ᠰᠠᠷ᠎ᠠ᠎ᠶ᠋ᠢᠨ 11 ᠦ ᠡᠳᠦᠷ ᠬᠤᠷᠠᠯᠳᠤᠭᠤᠯᠤᠭ᠍ᠰᠠᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠵᠣᠭᠣᠰ ᠮᠥᠩᠭᠥ᠌ ᠡᠳ᠋ ᠪᠣᠳᠠᠰ ᠬᠠᠨᠳᠢᠪᠯᠠᠵᠤ᠂ ᠡᠷᠢᠶᠡᠨ ᠬᠣᠲᠠ᠎ᠶ᠋ᠢᠨ ᠬᠢᠵᠢᠭ᠎ᠲᠡᠶ ᠲᠡᠮᠡᠴᠡᠬᠦ᠌ ᠠᠵᠢᠯ᠎ᠢ ᠳᠡᠮᠵᠢᠪᠡ᠃
ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ᠂ ᠡᠷᠢᠶᠡᠨ ᠬᠣᠲᠠ ᠨᠡᠢᠭᠡᠮ᠎ᠦᠨ ᠬᠠᠨᠳᠢᠪ᠎ᠢ ᠭᠥᠯᠢᠶᠡᠨ ᠠᠪᠬᠤ ᠠᠷᠭ᠎ᠠ ᠵᠠᠮ᠎ᠢ ᠲᠡᠷᠡ ᠳᠠᠷᠤᠶ᠎ᠳᠤᠨᠢ ᠨᠡᠢᠳᠡᠯᠡᠭ᠌ᠰᠡᠨ᠎ᠢᠶᠡᠷ ᠨᠡᠢᠭᠡᠮ᠎ᠦᠨ ᠡᠯ᠎ᠡ ᠡᠲᠡᠭᠡᠳ ᠦᠨ ᠠᠵᠤ ᠠᠬᠤᠢᠯᠠᠯ ᠵᠢᠴᠢ ᠬᠥᠮᠦᠰ ᠬᠠᠯᠠᠭᠤᠨ ᠭᠠᠷ᠎ᠢᠶᠠᠨ ᠰᠤᠩᠭᠠᠵᠦ᠍ ᠵᠣᠭᠣᠰ ᠮᠥᠩᠭᠥ᠌ ᠡᠳ᠋ ᠪᠣᠳᠠᠰ ᠬᠠᠨᠳᠢᠪᠯᠠᠪᠠ᠃ 6 ᠰᠠᠷ᠎ᠠ᠎ᠶ᠋ᠢᠨ 10᠎ᠤ ᠡᠳᠦᠷ᠎ᠦᠨ 17 ᠴᠠᠭ ᠪᠣᠯᠲᠠᠯ᠎ᠠ᠂ ᠨᠡᠢᠭᠡᠮ᠎ᠦᠨ ᠡᠯ᠎ᠡ ᠡᠲᠡᠭᠡᠳ᠎ᠦᠨ ᠬᠠᠨᠳᠢᠪᠯᠠᠭ᠍ᠰᠠᠨ45 ᠲᠦᠮᠡᠨ ᠲᠥᠭᠥᠷᠢᠭ᠂ 318ᠲᠦᠮᠡᠨ ᠲᠥᠭᠥᠷᠢᠭ ᠤᠨ ᠥᠷᠲᠡᠭ ᠪᠦᠬᠦᠢ ᠬᠠᠨᠳᠢᠪᠯᠠᠨ ᠬᠦᠷᠬᠡᠭ᠌ᠰᠡᠨ ᠡᠳ᠋ ᠪᠣᠳᠠᠰ᠎ᠢ ᠬᠦᠯᠢᠶᠡᠨ ᠠᠪᠴᠦ᠍᠂ ᠬᠠᠨᠳᠢᠪ᠎ᠤᠨ ᠵᠣᠭᠣᠰ ᠮᠥᠩᠭᠥ᠌ ᠡᠳ᠋ ᠪᠣᠳᠠᠰ ᠨᠡᠢᠲᠡ 363 ᠲᠦᠮᠡᠨ ᠲᠥᠭᠥᠷᠢᠭ ᠬᠦᠷᠴᠠᠢ᠃ ᠬᠠᠨᠳᠢᠪᠯᠠᠨ ᠬᠦᠷᠭᠡᠭ᠌ᠰᠡᠨ ᠡᠳ᠋ ᠪᠣᠳᠠᠰ᠎ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠳ᠋ ᠪᠣᠳᠠᠰ ᠪᠠ ᠠᠮᠢᠳᠤᠷᠠᠯ᠎ᠤᠨ ᠡᠳ᠋ ᠪᠣᠳᠠᠰ᠎ᠢ ᠬᠠᠮᠤᠷᠴᠤ᠌᠂ ᠭᠤᠤᠯᠳᠠᠭᠤ ᠭᠠᠳᠠᠨ᠎ᠠ ᠠᠴᠠ ᠲᠤᠰᠠᠯᠠᠬᠤ ᠪᠠᠷ ᠢᠷᠡᠭ᠌ᠰᠡᠨ ᠠᠵᠢᠯᠲᠠᠨ ᠪᠠ ᠪᠢᠲᠡᠭᠦᠮᠵᠢᠯᠡᠨ ᠡᠵᠡᠮᠳᠡᠬᠦ᠌ ᠰᠠᠭᠤᠭᠠᠯᠢ ᠲᠣᠭᠣᠷᠢᠭ᠂ ᠨᠡᠢᠭᠡᠮ ᠲᠣᠭᠣᠷᠢᠭ᠂ ᠳᠠᠭᠠᠭᠠᠴᠢᠯᠠᠨ ᠬᠠᠷᠢᠯᠴᠠᠬᠤ ᠨᠢᠭᠡᠴᠢ᠎ᠶ᠋ᠢᠨ ᠠᠵᠢᠯᠲᠠᠨ ᠵᠢᠴᠢ ᠰᠠᠢᠨ ᠲᠤᠷᠠᠴᠤᠳ᠎ᠲᠤ ᠬᠤᠪᠢᠶᠠᠨ ᠬᠡᠷᠡᠭ᠌ᠯᠡᠨ᠎ᠡ᠃
《ᠪᠢᠳᠡ ᠵᠣᠭᠣᠰ ᠮᠥᠩᠭᠥ᠌ ᠡᠳ᠋ ᠪᠣᠳᠠᠰ ᠨᠢᠭᠡᠪᠦᠷᠢ᠎ᠶ᠋ᠢ ᠰᠠᠢᠲᠤᠷ ᠬᠡᠷᠡᠭ᠌ᠯᠡᠬᠦ᠌᠎ᠶ᠋ᠢᠨ ᠬᠠᠮᠲᠤ ᠴᠠᠭ ᠲᠤᠬᠠᠶ᠎ᠳᠤᠨᠢ ᠨᠡᠢᠭᠡᠮ᠎ᠳᠦ ᠨᠡᠢᠲᠡᠯᠡᠵᠦ᠍᠂ ᠰᠠᠨᠠᠭᠠᠴᠢᠯᠠᠭ᠎ᠠ᠎ᠠᠴᠠ᠎ᠪᠠᠨ ᠬᠢᠨᠠᠯᠲᠠ᠎ᠶ᠋ᠢ ᠬᠦᠯᠢᠶᠡᠵᠦ᠍᠂ ᠬᠠᠨᠳᠢᠪᠯᠠᠭ᠍ᠰᠠᠨ ᠵᠣᠭᠣᠰ ᠮᠥᠩᠭᠥ᠌ ᠡᠳ᠋ ᠪᠣᠳᠠᠰ᠎ᠢ ᠬᠠᠨᠳᠢᠪᠯᠠᠨ ᠬᠦᠷᠬᠡᠭ᠌ᠰᠡᠨ ᠬᠦᠰᠡᠯ ᠰᠠᠨᠠᠭ᠎ᠠ᠎ᠪᠠᠷ ᠥᠨᠳᠥᠷ ᠪᠦᠲᠦᠮᠵᠢᠲᠡᠶ ᠪᠥᠭᠡᠳ ᠢᠯᠡ ᠲᠣᠳᠣ ᠠᠵᠢᠯᠯᠠᠭᠤᠯᠬᠤ᠎ᠶ᠋ᠢ ᠦᠨᠡᠨ ᠬᠦ᠌ ᠪᠠᠲᠤᠯᠠᠨ᠎ᠠ》 ᠭᠡᠵᠦ᠍ ᠡᠷᠢᠶᠡᠨ ᠬᠣᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠪᠠᠢᠩᠭᠤ ᠶ᠋ᠢᠨ ᠳᠡᠳ᠋ ᠳᠠᠷᠤᠭ᠎ᠠ ᠶᠠᠩ ᠶᠠ ᠴᠦᠨ ᠬᠡᠯᠡᠯ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃