2022-10-11 17:09:34
ᠠᠶᠤᠯ᠎ᠳᠦ ᠬᠢᠵᠢᠭᠭᠡᠨᠡᠳᠬᠡᠨ ᠳᠠᠷᠬᠠᠵᠦ᠂ ᠤᠷᠤᠨ᠎ᠤ ᠲᠦᠪ᠎ᠢ ᠰᠦᠷᠳᠡᠬᠦᠯᠦᠯᠠ
ᠬᠦᠴᠦ ᠪᠡᠨ ᠰᠤᠷᠢᠨ ᠬᠢᠵᠢᠭ ᠲᠠᠢ ᠲᠡᠮᠡᠴᠡᠵᠦ᠂ ᠬᠦᠯ ᠬᠤᠷᠢᠵᠦ ᠳᠠᠷᠤᠢᠬᠠᠨ ᠰᠡᠷᠬᠡᠢᠯᠡᠯᠠ
ᠠᠬ᠎ᠠ ᠳᠡᠬᠦᠦ ᠮᠤᠵᠢ ᠵᠢᠨ ᠡᠮᠴᠢ ᠰᠤᠪᠢᠯᠠᠬᠴᠢ ᠠᠷᠤ ᠠᠷᠤ ᠡᠴᠡ ᠪᠡᠨ ᠬᠦᠷᠦᠯᠴᠡᠨ ᠢᠷᠡᠯ᠎ᠡ
ᠤᠳᠤᠭ᠎ᠠ ᠦᠬᠡᠢ ᠳᠠᠢᠨ ᠤ ᠢᠯᠠᠯᠳᠠ ᠵᠢ ᠤᠯᠬᠤ ᠪᠡᠷ ᠡᠷᠴᠢ ᠵᠤᠷᠢᠭ ᠨᠡᠨᠭᠳᠡ ᠬᠦᠪᠴᠢᠯᠡᠭᠳᠡᠯᠠ!
10 ᠰᠠᠷ᠎ᠠ ᠶᠢᠨ 10 ᠤ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠨ ᠡᠮᠨᠡᠯᠭᠡ ᠶᠢᠨ ᠶᠠᠪᠤᠳᠠᠯ ᠡᠮᠨᠡᠯᠭᠡ᠎ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠣᠢᠯᠠᠭᠠᠭᠰᠠᠨ ᠵᠢᠡᠷ᠂ ᠣᠳᠣᠬᠠᠨ᠎ᠳᠤ ᠵᠢᠶᠠᠩᠰᠤ᠂ ᠵᠧᠵᠢᠶᠠᠩ᠂ ᠾᠧᠪᠧᠢ᠂ ᠲᠢᠶᠠᠨᠵᠢᠨ᠎ᠤ ᠥᠪᠥᠷ ᠮᠣᠩᠭᠣᠯ᠎ᠢ ᠲᠤᠰᠠᠯᠠᠬᠤ 4 ᠡᠮᠴᠢᠯᠡᠭᠡᠨ ᠤ ᠠᠩᠭᠢ᠎ᠶᠢᠨ 1010 ᠡᠮᠴᠢ ᠰᠤᠪᠢᠯᠠᠭ᠍ᠴᠢ ᠨᠢᠭᠡᠨᠳᠡ ᠬᠥᠬᠡᠬᠣᠲᠠ᠎ᠳᠤ ᠢᠷᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠦᠨ ᠬᠢᠵᠢᠭ᠌ ᠦᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ᠎ᠢ ᠳᠡᠮᠵᠢᠵᠦ ᠪᠠᠢᠨ᠎ᠠ ᠃

ᠣᠢᠯᠠᠭᠠᠭᠰᠠᠨ᠎ᠢᠶᠠᠷ ᠂ ᠵᠢᠶᠠᠩᠰᠤ ᠮᠤᠵᠢ ᠶᠢᠨ ᠥᠪᠥᠷ ᠮᠣᠩᠭᠣᠯ ᠢ ᠲᠤᠰᠠᠯᠠᠬᠤ ᠡᠮᠴᠢᠯᠡᠭᠡᠨ᠎ᠦ ᠠᠩᠭᠢ ᠪᠠ ᠵᠧᠵᠢᠶᠠᠩ ᠮᠤᠵᠢ᠎ᠶᠢᠨ ᠥᠪᠥᠷ ᠮᠣᠩᠭᠣᠯ᠎ᠢ ᠲᠤᠰᠠᠯᠠᠬᠤ ᠡᠮᠴᠢᠯᠡᠭᠡᠨ᠎ᠦ ᠠᠩᠭᠢ ᠵᠢᠨ ᠨᠡᠶ᠋ᠢᠲᠡ 105 ᠬᠦᠮᠦᠨ 10 ᠰᠠᠷ᠎ᠠ᠎ᠶᠢᠨ 6᠎ᠤ ᠡᠳᠦᠷ ᠬᠦᠷᠴᠦ ᠢᠷᠡᠪᠡ᠂ ᠳᠤᠭᠤᠢᠯᠠᠡᠭ᠎ᠤᠨ ᠬᠡᠰᠢᠬᠦᠳ᠎ᠤᠨ ᠣᠯᠠᠩᠬᠢ ᠨᠢ ᠬᠦᠨᠳᠦ ᠡᠪᠡᠳᠴᠢᠨ᠎ᠦ ᠠᠨᠠᠭᠠᠬᠤ ᠤᠬᠠᠭᠠᠨ᠎ᠤ ᠲᠤᠰᠬᠠᠢ ᠮᠡᠷᠭᠡᠵᠢᠯ᠎ᠤᠨ ᠡᠮᠴᠢ ᠰᠤᠪᠢᠯᠠᠭᠴᠢ ᠶᠤᠮ᠃ ᠣᠳᠣᠬᠠᠨ᠎ᠳᠤ ᠂ ᠵᠧᠵᠢᠶᠠᠩ ᠮᠤᠵᠢ᠎ᠶᠢᠨ ᠥᠪᠥᠷ ᠮᠣᠩᠭᠣᠯ᠎ᠢ ᠲᠤᠰᠠᠯᠠᠬᠤ ᠡᠮᠴᠢᠯᠡᠭᠡᠨ ᠦ ᠠᠩᠭᠢ᠎ᠶᠢᠨ 53 ᠡᠮᠴᠢ ᠰᠤᠪᠢᠯᠠᠭ᠍ᠴᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠡᠮᠨᠡᠯᠭᠡ ᠶᠢᠨ ᠬᠣᠷᠢᠶ᠎ᠠ ᠶᠢᠨ ᠡᠷᠡᠭᠦᠯᠵᠢᠯ ᠦᠨ ᠡᠪᠡᠳᠴᠢᠨ᠎ᠢ ᠭᠥᠯᠢᠶᠡᠨ ᠠᠪᠴᠤ ᠬᠠᠮᠢᠶᠠᠷᠬᠤ ᠲᠣᠭᠣᠷᠢᠭ᠋᠎ᠲᠤ ᠣᠷᠣᠵᠤ ᠂ ᠵᠠᠯᠭᠠᠭᠠᠳ ᠲᠣᠭᠲᠠᠮᠠᠯ ᠴᠡᠭ᠎ᠦᠨ ᠡᠮᠨᠡᠯᠭᠡ᠎ᠶᠢᠨ ᠬᠣᠷᠢᠶ᠎ᠠ᠎ᠶᠢ ᠬᠠᠮᠵᠢᠨ ᠬᠦᠨᠳᠦ ᠡᠪᠡᠳᠴᠢᠲᠡᠨ᠎ᠢ ᠠᠪᠤᠷᠠᠬᠤ ᠠᠵᠢᠯ᠎ᠢ ᠥᠷᠨᠢᠭᠦᠯᠬᠦ ᠪᠣᠯᠣᠨ᠎ᠠ᠃ ᠵᠢᠶᠠᠩᠰᠤ ᠮᠤᠵᠢ ᠶ᠋ᠢᠨ ᠡᠮᠴᠢᠯᠡᠭᠡᠨ᠎ᠦ ᠠᠩᠭᠢ ᠶ᠋ᠢᠨ 52 ᠡᠮᠴᠢ ᠰᠤᠪᠢᠯᠠᠭ᠍ᠴᠢ ᠢᠷᠡᠭᠰᠡᠨ ᠡᠳᠦᠷ ᠲᠡᠭᠡᠨ ᠬᠥᠬᠡᠬᠣᠲᠠ ᠶ᠋ᠢᠨ ᠨᠢᠭᠡᠳᠦᠭᠡᠷ ᠡᠮᠨᠡᠯᠭᠡ ᠶ᠋ᠢᠨ ᠬᠣᠷᠢᠶᠠᠨ᠎ᠳᠤ ᠣᠷᠣᠵᠤ᠂ ᠲᠤᠰ ᠡᠮᠨᠡᠯᠭᠡ ᠶ᠋ᠢᠨ ᠬᠣᠷᠢᠶᠠᠨ᠎ᠤ ᠬᠦᠨᠳᠦ ᠡᠪᠡᠳᠴᠢᠲᠡᠨ᠎ᠦ ᠲᠣᠭᠣᠷᠢᠭ᠋ ᠢ᠋ ᠭᠥᠯᠢᠶᠡᠨ ᠠᠪᠴᠤ ᠬᠠᠮᠢᠶᠠᠷᠤᠭᠰᠠᠨ ᠪᠠᠢᠨ᠎ᠠ ᠃

10 ᠰᠠᠷ᠎ᠠ᠎ᠶᠢᠨ 9᠎ᠦ ᠡᠳᠦᠷ᠂ ᠾᠧᠪᠧᠢ ᠮᠤᠵᠢ᠎ᠶᠢᠨ 505 ᠡᠮᠴᠢ ᠰᠤᠪᠢᠯᠠᠭ᠍ᠴᠢ᠎ᠪᠠᠷ ᠪᠦᠷᠢᠯᠳᠦᠭᠰᠡᠨ ᠥᠪᠥᠷ ᠮᠣᠩᠭᠣᠯ᠎ᠢ ᠲᠤᠰᠠᠯᠠᠬᠤ ᠡᠮᠴᠢᠯᠡᠭᠡᠨ ᠦ ᠠᠩᠭᠢ᠂ ᠲᠢᠶᠠᠨᠵᠢᠨ ᠬᠣᠲᠠ᠎ᠶᠢᠨ 400 ᠡᠮᠴᠢ ᠰᠤᠪᠢᠯᠠᠭ᠍ᠴᠢ᠎ᠪᠠᠷ ᠪᠦᠷᠢᠯᠳᠦᠭᠰᠡᠨ ᠥᠪᠥᠷ ᠮᠣᠩᠭᠣᠯ᠎ᠢ ᠲᠤᠰᠠᠯᠠᠬᠤ ᠡᠮᠴᠢᠯᠡᠭᠡᠨ᠎ᠦ ᠠᠩᠭᠢ ᠬᠥᠬᠡᠬᠣᠲᠠ᠎ᠳᠤ ᠬᠦᠷᠴᠦ ᠢᠷᠡᠪᠡ᠃ ᠡᠨᠡ ᠬᠣᠶᠠᠷ ᠡᠮᠴᠢᠯᠡᠭᠡᠨ᠎ᠦ ᠠᠩᠭᠢ ᠬᠥᠬᠡᠬᠣᠲᠠ ᠶ᠋ᠢᠨ ᠴᠢᠨᠭᠭᠡᠯᠢᠭ ᠡᠮᠨᠡᠯᠭᠡ ᠶ᠋ᠢᠨ ᠬᠣᠷᠢᠶᠠᠨ ᠳᠤ ᠬᠦᠷᠴᠦ ᠠᠪᠤᠷᠠᠨ ᠡᠮᠴᠢᠯᠡᠬᠦ ᠠᠵᠢᠯ ᠥᠷᠨᠢᠭᠦᠯᠬᠦ ᠪᠣᠯᠣᠨ᠎ᠠ᠃
ᠳᠠᠭᠠᠷᠠᠭᠰᠠᠨ ᠦᠶ᠎ᠠ ᠳ᠋ᠤ ᠳᠠᠬᠤ ᠬᠦᠷᠭᠡᠭᠰᠡᠨ ᠲᠠ ᠨᠠᠷ ᠲᠠᠭᠠᠨ ᠪᠠᠶᠠᠷᠯᠠᠯ᠎ᠠ
ᠬᠢᠵᠢᠭ᠌ ᠦᠨ ᠮᠠᠨᠠᠨ ᠯᠠᠪᠳᠠᠢ ᠠᠷᠢᠯᠵᠦ ᠬᠠᠮᠤᠭ ᠪᠦᠬᠦᠨ ᠰᠠᠢᠬᠠᠨ ᠪᠤᠯᠤᠨ᠎ᠠ!
( ᠢᠷᠡᠯᠳᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃