2022-10-09 14:02:03
10 ᠰᠠᠷ᠎ᠠ᠎ᠶ᠋ᠢᠨ 5 ᠤ᠋ ᠦᠳᠡ᠎ᠶ᠋ᠢᠨ ᠡᠮᠦᠨ᠎ᠡ᠂ ᠬᠢᠵᠢᠭ᠎ᠦᠨ ᠨᠥᠯᠥᠭᠡ᠎ᠡᠴᠡ ᠪᠣᠯᠵᠣ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ ᠶ᠋ᠢᠨ ᠱᠢᠨ᠎ᠡ ᠬᠣᠲᠠ ᠲᠣᠭᠣᠷᠢᠭ ᠲᠡᠬᠢ ᠰᠤᠷᠭᠠᠭᠤᠯᠢ ᠵᠢᠨ ᠲᠤᠭᠤᠷᠢᠭ᠎ᠤᠨ ᠬᠤᠢᠳᠤ ᠬᠦᠷᠢᠶ᠎ᠠ ᠵᠢᠨ ᠬᠣᠭᠣᠯᠠᠨ ᠬᠡᠷ ᠡᠵᠡᠩᠨᠡᠬᠦ ᠪᠠᠨ ᠵᠤᠭᠰᠤᠵᠤ᠂ 7000 ᠭᠠᠷᠤᠶ ᠪᠠᠭ᠍ᠰᠢ ᠰᠣᠷᠣᠭ᠍ᠴᠢ ᠵᠢᠨ ᠬᠤᠭᠤᠯᠠ ᠤᠮᠳᠠ ᠲᠤᠮᠤ ᠠᠰᠠᠭᠤᠳᠠᠯ᠎ᠳᠦ ᠲᠤᠯᠭᠠᠷᠠᠪᠠ᠃
ᠡᠨᠡᠬᠦ ᠵᠠᠩᠬᠢᠯᠠᠭ᠎ᠠ ᠵᠢᠨ ᠦᠶ᠎ᠡ᠎ᠳᠦ᠂ ᠥᠪᠥᠷ ᠮᠣᠩᠭᠣᠯ ᠤᠨ ᠪᠠᠭ᠍ᠰᠢ ᠶ᠋ᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ ᠵᠡᠷᠭᠡ ᠠᠬ᠎ᠠ ᠳᠡᠭᠦᠦ ᠶᠡᠬᠡ ᠳᠡᠭᠡᠳᠦ ᠰᠤᠷᠭᠠᠭᠤᠯᠢ ᠨᠤᠭᠤᠳ ᠲᠡᠳᠡᠨᠡᠷ ᠲᠤ᠌ ᠲᠤᠰᠠᠯᠠᠮᠵᠢ ᠦᠵᠡᠭᠦᠯᠪᠡ᠃
ᠲᠤᠰ ᠡᠳᠦᠷ᠎ᠦᠨ ᠦᠳᠡ᠎ᠳᠦ᠂ 7600 ᠭᠠᠷᠤᠢ ᠬᠤᠪᠢ ᠬᠠᠢ᠌ᠷᠴᠠᠭ᠍ᠳᠤ ᠬᠣᠭᠣᠯᠠ᠎ᠶ᠋ᠢ ᠦᠳᠲᠡᠷ ᠲᠦᠷᠭᠡᠨ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠳᠤ ᠬᠦᠷᠭᠡᠪᠡ᠃ ᠲᠣᠰ ᠡᠳᠦᠷ᠎ᠦᠨ 15 ᠴᠠᠭ᠎ᠲᠤ᠂ ᠲᠣᠰ ᠰᠤᠷᠭᠠᠭᠤᠯᠢ᠎ᠶ᠋ᠢᠨ ᠡᠮᠦᠨ᠎ᠠ ᠬᠤᠢᠳᠤ ᠬᠣᠶᠠᠷ ᠬᠦᠷᠢᠶᠠᠨ ᠤ᠋ ᠬᠣᠭᠣᠯᠠᠨ ᠬᠡᠷ ᠴᠥᠮ ᠡᠵᠡᠩᠨᠡᠬᠦ ᠪᠠᠨ ᠵᠣᠭ᠍ᠰᠣᠵᠤ᠂ ᠰᠤᠷᠭᠠᠭᠤᠯᠢ᠎ᠶ᠋ᠢᠨ ᠳᠣᠲᠣᠷᠠᠬᠢ 1.6 ᠲᠦᠮᠡ ᠭᠠᠷᠤᠶ ᠪᠠᠭ᠍ᠰᠢ ᠰᠣᠷᠣᠭ᠍ᠴᠢ ᠬᠣᠭᠣᠯᠠ ᠢᠳᠡᠬᠦ᠌᠎ᠳᠦ ᠬᠦᠴᠢᠷᠲᠡᠶ ᠪᠤᠯᠵᠠᠢ᠃ ᠲᠤᠰ ᠡᠳᠦᠷ᠎ᠦᠨ 18 ᠴᠠᠭ᠎ᠡᠴᠡ ᠡᠬᠢᠯᠡᠨ᠂ ᠠᠷᠪᠠᠨ ᠬᠡᠳᠦᠨ ᠲᠤᠮᠤ ᠮᠠᠱᠢᠨ ᠲᠡᠷᠭᠡ 1.6 ᠲᠦᠮᠡ ᠭᠠᠷᠤᠢ ᠬᠤᠪᠢ ᠬᠠᠢ᠌ᠷᠴᠠᠭ᠍ᠳᠤ ᠬᠣᠭᠣᠯᠠ ᠲᠡᠭᠡᠭᠡᠵᠤ᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠬᠤ ᠰᠢᠢᠳᠪᠦᠷᠢᠳᠤ ᠵᠣᠷᠢᠭᠵᠢᠡᠷ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠳᠤ ᠬᠦᠷᠪᠡ᠃
《ᠬᠢᠵᠢᠭ᠎ᠦᠨ ᠪᠠᠢᠳᠠᠯ ᠳᠣᠣᠷᠠᠬᠢ ᠬᠣᠭᠣᠯᠠᠨ ᠭᠡᠷ ᠪᠤᠯ ᠬᠥᠮᠦᠰ᠎ᠦᠨ ᠰᠡᠳᠭᠢᠯ᠎ᠢ ᠳᠤᠯᠠᠭᠠᠴᠡᠭᠤᠯᠬᠤ ᠭᠠᠵᠠᠷ ᠪᠣᠯᠤᠨ᠎ᠠ᠃ ᠲᠠᠨ᠎ᠤ ᠬᠡᠳᠦᠨ ᠠᠷᠪᠠᠨ ᠠᠵᠢᠯᠲᠠᠨ ᠲᠦᠮᠡ ᠭᠠᠷᠤᠶ ᠬᠥᠮᠦᠨ᠎ᠦ ᠢᠳᠡᠭᠡᠨ ᠤᠮᠳᠠᠭᠠᠨ ᠤ᠋ ᠠᠰᠠᠭᠤᠳᠠᠯ ᠢ᠋ ᠡᠭᠦᠷᠭᠡᠯᠡᠵᠦ᠍᠂ ᠣᠯᠠᠨ ᠳ᠋ᠤ ᠬᠠᠯᠠᠭᠤᠨ ᠬᠣᠭᠣᠯᠠ ᠢᠳᠡᠭᠦᠯᠵᠦ᠍᠂ ᠬᠠᠯᠠᠭᠤᠨ ᠱᠥᠯᠥ᠍ ᠤᠤᠭᠤᠯᠭᠠᠵᠠᠢ᠃ ᠪᠢᠳᠡᠨ ᠢ᠋ ᠮᠠᠰᠢ ᠰᠠᠢᠨ ᠬᠠᠷᠠᠭᠠᠯᠵᠠᠵᠤ ᠪᠠᠢᠨ᠎ᠠ ᠁ 》᠂ 10 ᠰᠠᠷ᠎ᠠ᠎ᠶ᠋ᠢᠨ 7 ᠤ᠋ ᠦᠳᠡ᠎ᠶ᠋ᠢᠨ ᠡᠮᠦᠨ᠎ᠡ᠂ ᠥᠪᠥᠷ ᠮᠣᠩᠭᠣᠯ᠎ᠤᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ᠎ᠶ᠋ᠢᠨ ᠬᠢᠮᠢ ᠪᠠ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠳᠡᠭᠡᠳᠦ ᠰᠤᠷᠭᠠᠭᠤᠯᠢ᠎ᠶ᠋ᠢᠨ 4 ᠰᠣᠷᠣᠭ᠍ᠴᠢ ᠲᠣᠰ ᠰᠤᠷᠭᠠᠭᠤᠯᠢ᠎ᠶ᠋ᠢᠨ ᠡᠮᠦᠨ᠎ᠡ ᠰᠤᠷᠭᠠᠭᠤᠯᠢ᠎ᠶ᠋ᠢᠨ ᠬᠦᠷᠢᠶᠠᠨ ᠤ᠋ ᠬᠢᠵᠢᠭ᠎ᠦᠨ ᠪᠠᠢᠳᠠᠯ᠎ᠢ ᠵᠢᠯᠣᠭᠣᠳᠭᠤ ᠭᠠᠵᠠᠷ᠎ᠤᠨ ᠡᠭᠦᠳᠡ᠎ᠶ᠋ᠢ ᠬᠥᠩᠭᠡᠬᠡᠨ ᠨᠡᠭᠡᠭᠡᠵᠦ᠍᠂ ᠨᠢᠭᠡ ᠬᠤᠪᠢ ᠲᠠᠯᠠᠷᠬᠠᠯ᠎ᠤᠨ ᠵᠠᠬᠢᠳᠠᠯ ᠵᠢᠡᠨ ᠶᠠᠭ ᠵᠢᠵᠢᠭᠦᠷᠯᠡᠵᠤ ᠪᠠᠢᠭᠰᠠᠨ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ ᠯᠢᠦ ᠵᠢᠦ ᠸᠠᠨ᠎ᠳᠤ ᠭᠠᠷᠳᠠᠭᠤᠯᠪᠠ᠃
ᠤᠶᠤᠳᠠᠨ ᠯᠢᠦ ᠵᠧᠨ ᠱᠢᠩ ᠄ 《ᠬᠢᠵᠢᠭ᠎ᠦᠨ ᠪᠠᠢᠳᠠᠯ ᠭᠠᠷᠤᠭ᠍ᠰᠠᠨ ᠤ᠋ ᠳᠠᠷᠠᠭᠠᠬᠢ ᠪᠠᠭᠰᠢ ᠨᠠᠷ ᠤ᠋ᠨ ᠱᠢᠷᠭᠠᠭᠤ ᠴᠢᠷᠮᠠᠢᠯᠭ᠎ᠠ᠎ᠳᠤ ᠲᠠᠯᠠᠷᠬᠠᠵᠤ ᠪᠠᠢᠨ᠎ᠠ᠂ ᠪᠢᠳᠡ ᠠᠴᠢ ᠡᠨᠡᠷᠢᠯ ᠢ ᠨᠢ ᠬᠠᠷᠢᠭᠤᠯᠬᠤ ᠠᠷᠭ᠎ᠠ ᠦᠭᠡᠢ ᠪᠠᠢᠨ᠎ᠠ᠂ ᠪᠦᠬᠦ᠌ ᠠᠩᠬᠢ᠎ᠶ᠋ᠢᠨ 69 ᠬᠠᠮᠲᠤ ᠰᠤᠷᠤᠯᠭᠠᠲᠠᠨ ᠨᠡᠷ᠎ᠠ ᠬᠤᠯᠪᠤᠭᠠᠯᠠᠨ ᠲᠠᠯᠠᠷᠬᠠᠯ᠎ᠤᠨ ᠵᠠᠬᠢᠳᠠᠯ ᠪᠢᠴᠢᠵᠡᠢ》 ᠭᠡᠵᠦ᠍ ᠬᠡᠯᠡᠵᠦ᠍ ᠪᠠᠷᠠᠭᠠᠳ᠂ ᠪᠠᠭ᠍ᠰᠢ᠎ᠨᠠᠷ ᠲᠠᠭᠠᠨ ᠮᠡᠬᠦᠢᠨ ᠶᠣᠰᠣᠯᠠᠵᠤ᠂ ᠪᠠᠭ᠍ᠰᠢ᠎ᠨᠠᠷ᠎ᠤᠨ ᠵᠢᠡᠨ ᠢᠮᠠᠭ᠍ᠲᠠ ᠦᠭᠡ ᠳᠠᠭᠤᠨ ᠦᠭᠡᠢ ᠪᠡᠷ ᠰᠠᠬᠢᠨ ᠬᠠᠮᠠᠭᠠᠯᠠᠵᠤ ᠪᠠᠢᠭ᠎ᠠ᠎ᠳᠤ ᠲᠠᠯᠠᠷᠬᠠᠵᠤ ᠪᠠᠢᠬᠤ ᠰᠡᠳᠭᠢᠯᠭᠡ᠎ᠪᠡᠨ ᠢᠯᠡᠳᠭᠡᠪᠡ᠃
ᠬᠢᠵᠢᠭ᠎ᠦᠨ ᠪᠠᠢᠳᠠᠯ᠎ᠤᠨ ᠡᠮᠦᠨ᠎ᠡ᠂ ᠬᠥᠬᠡᠬᠣᠲᠠ᠎ᠳᠤ ᠪᠠᠢᠭ᠎ᠠ ᠦᠪᠡᠷᠳᠡᠭᠡᠨ ᠵᠠᠰᠠᠬᠤ ᠤᠷᠤᠨ ᠤ᠋ ᠡᠯ᠎ᠡ ᠶᠡᠬᠡ ᠳᠡᠭᠡᠳᠦ ᠰᠤᠷᠭᠠᠭᠤᠯᠢ᠎ᠶ᠋ᠢᠨ ᠬᠣᠭᠣᠯᠠᠨ ᠭᠡᠷ᠎ᠲᠦ᠂ ᠠᠷᠤ ᠲᠠᠯ᠎ᠠ᠎ᠶ᠋ᠢᠨ ᠠᠵᠢᠯ᠎ᠤᠨ ᠬᠠᠮᠢᠶᠠᠷᠤᠯᠲᠠ᠎ᠶ᠋ᠢᠨ ᠭᠠᠵᠠᠷ᠎ᠤᠨ ᠢᠳᠡᠭᠡᠨ ᠤᠮᠳᠠᠭᠠᠨ᠎ᠤ ᠠᠵᠢᠯᠲᠠᠳ ᠦᠨᠡᠨ ᠰᠡᠳᠭᠢᠯ᠎ᠡᠴᠡ ᠪᠠᠨ ᠪᠠᠭ᠍ᠰᠢ ᠰᠤᠷᠤᠭ᠍ᠴᠢᠳ᠎ᠲᠤ ᠬᠣᠭᠣᠯᠠ ᠪᠤᠳᠠᠭ᠎ᠠ ᠬᠢᠵᠦ᠍ ᠥᠭ᠌ᠭᠦᠨ᠂ ᠪᠡᠶ᠎ᠡ ᠰᠡᠳᠭᠢᠯ᠎ᠢ ᠨᠢ ᠳᠤᠯᠠᠭᠠᠴᠡᠭᠤᠯᠵᠤ᠂ ᠬᠠᠷᠢᠭᠤᠴᠠᠯᠭ᠎ᠠ ᠪᠠ ᠵᠢᠳᠬᠦᠯᠢᠶᠡᠷᠢᠶᠡᠨ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠵᠦ᠍᠂ ᠪᠠᠭᠰᠢ ᠰᠤᠷᠤᠭᠴᠢ ᠵᠢᠨ ᠡᠷᠡᠭᠦᠯ ᠮᠡᠨᠳᠦ᠍᠎ᠶ᠋ᠢ ᠰᠠᠬᠢᠨ ᠬᠠᠮᠠᠭᠠᠯᠠᠵᠤ ᠪᠠᠢᠨ᠎ᠠ᠃ ᠡᠨᠡ ᠬᠦ᠌ ᠴᠠᠭ ᠠᠭᠤᠷ ᠭᠡᠨᠡᠳᠳᠡ ᠬᠦᠢᠳᠡᠷᠡᠭᠰᠡᠨ ᠨᠠᠮᠤᠷ ᠤ᠋ᠨ ᠤᠯᠠᠷᠢᠯ ᠳ᠋ᠤ᠂ ᠰᠤᠷᠭᠠᠭᠤᠯᠢ ᠵᠢᠨ ᠬᠦᠷᠢᠶᠡᠨ ᠳ᠋ᠤ ᠡᠢᠮᠤᠷᠬᠥ ᠬᠠᠯᠠᠭᠤᠨ ᠳᠤᠯᠠᠭᠠᠨ ᠦᠯᠢᠭᠡᠷ ᠦᠵᠡᠭ᠌ᠳᠡᠯ ᠪᠢᠴᠢᠭᠯᠡᠭᠲᠡᠨ ᠶᠠᠷᠢᠬᠲᠠᠵᠤ ᠪᠠᠢᠨ᠎ᠠ᠃
ᠥᠪᠥᠷ ᠮᠣᠩᠭᠣᠯ᠎ᠤᠨ ᠶᠡᠬᠡ ᠰᠤᠷᠭᠠᠭᠤᠯᠢ ᠶ᠋ᠢᠨ ᠠᠷᠤ ᠲᠠᠯ᠎ᠠ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠭᠠᠵᠠᠷ᠎ᠤᠨ ᠢᠳᠡᠭᠡᠨ ᠤᠮᠳᠠᠭᠠᠨ᠎ᠤ ᠲᠥᠪ ᠤᠨ ᠬᠢᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠣᠭᠣᠯᠠᠨ ᠬᠡᠷ᠎ᠦᠨ ᠡᠳᠦᠷ ᠲᠤᠲᠤᠮ᠎ᠤᠨ ᠠᠷᠢᠭᠤᠳᠭᠠᠯᠢ ᠴᠢᠩᠭᠠᠳᠭᠠᠵᠤ᠂ ᠠᠵᠢᠯ᠎ᠤᠨ ᠪᠠᠢᠷᠢ᠎ᠳᠤ ᠪᠠᠢᠭ᠎ᠠ ᠠᠵᠢᠯᠲᠠᠳ᠎ᠲᠤ ᠤᠬᠠᠭᠤᠯᠭ᠎ᠠ ᠬᠥᠮᠦᠵᠢᠯ ᠬᠢᠬᠦ᠌᠎ᠶ᠋ᠢ ᠴᠢᠩᠭᠠᠳᠭᠠᠵᠤ᠂ ᠪᠠᠭ᠍ᠰᠢ ᠰᠤᠷᠤᠭ᠍ᠴᠢᠳ᠎ᠤᠨ ᠢᠳᠡᠭᠡᠨ ᠤᠮᠳᠠᠭᠠᠨ᠎ᠤ ᠪᠠᠲᠤᠯᠠᠭ᠎ᠠ᠎ᠶ᠋ᠢ ᠰᠠᠢᠲᠤᠷ ᠬᠢᠭ᠌ᠰᠡᠨ ᠰᠠᠭᠤᠷᠢᠨ ᠳᠡᠭᠡᠷ᠎ᠡ᠂ ᠬᠣᠭᠣᠯᠠ ᠪᠤᠳᠠᠭ᠎ᠠ ᠵᠢ ᠲᠠᠭᠠᠭᠠᠨ ᠬᠤᠳᠠᠯᠳᠤᠨ ᠠᠪᠬᠤ᠂ ᠰᠦᠨᠢ᠎ᠶ᠋ᠢᠨ ᠬᠣᠭᠣᠯᠠ ᠵᠡᠷᠭᠡ ᠦᠶ᠋ᠯᠡᠴᠢᠯᠡᠭᠡ᠎ᠶ᠋ᠢ ᠨᠡᠭᠡᠭᠡᠵᠦ᠍᠂ ᠪᠠᠭ᠍ᠰᠢ ᠰᠤᠷᠤᠭ᠍ᠴᠢᠳ᠎ᠲᠤ ᠨᠠᠩ ᠣᠯᠠᠨ ᠰᠣᠩᠭᠣᠯᠲᠠ ᠬᠠᠩᠭᠠᠪᠠ᠃
ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠬᠣᠶᠠᠷ ᠬᠦᠷᠢᠶ᠎ᠡ ᠵᠢᠨ ᠡᠯ᠎ᠡ ᠬᠣᠭᠣᠯᠠᠨ ᠲᠢᠩᠬᠢᠮ ᠤᠨ ᠬᠢᠨ ᠥᠷᠯᠥᠭᠡ ᠦᠳᠡ ᠣᠷᠣᠢ᠎ᠶ᠋ᠢᠨ ᠬᠣᠭᠣᠯᠠᠨ᠎ᠤ ᠦᠢᠯᠡᠴᠢᠯᠡᠭᠡᠨ᠎ᠦ ᠴᠠᠭ᠎ᠵᠢᠡᠨ ᠴᠥᠮ ᠤᠷᠲᠤᠳᠭᠠᠵᠤ᠂ ᠣᠷᠣᠢ᠎ᠶ᠋ᠢᠨ ᠬᠣᠭᠣᠯᠠᠨ᠎ᠤ ᠴᠠᠭ᠎ᠢ 22 ᠴᠠᠭ 30 ᠮᠢᠨᠦ᠋ᠲ ᠬᠦᠷᠳᠡᠯ᠎ᠡ ᠤᠷᠲᠤᠳᠭᠠᠪᠠ᠃ ᠬᠣᠭᠣᠯᠠᠨ ᠬᠡᠷ᠎ᠨᠢ ᠦᠶ᠋ᠯᠡᠴᠢᠯᠡᠭᠡᠨ᠎ᠦ ᠲᠥᠷᠥᠯ ᠵᠦᠶ᠋ᠯ ᠪᠠ ᠣᠨᠴᠠᠯᠢᠭ᠍ᠲᠤ ᠲᠥᠷᠥᠯ ᠵᠦᠶ᠋ᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠡᠯ᠎ᠡ ᠬᠣᠭᠣᠯᠠᠨ ᠬᠡᠷ᠎ᠲᠦ ᠰᠦᠨᠢ ᠵᠢᠨ ᠬᠠᠭᠤᠷᠤᠯᠭ᠎ᠠ ᠭᠠᠷᠭᠠᠵᠤ᠂ ᠪᠠᠭ᠍ᠰᠢ ᠰᠤᠷᠤᠭ᠍ᠴᠢᠳ᠎ᠤᠨ ᠣᠯᠠᠨ ᠶᠠᠩᠵᠤ᠎ᠶ᠋ᠢᠨ ᠢᠳᠡᠭᠡᠨ ᠤᠮᠳᠠᠭᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ᠎ᠶ᠋ᠢᠨ ᠬᠠᠮᠲᠤ᠂ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ《ᠬᠣᠭᠣᠯᠠᠨ ᠬᠡᠷ᠎ᠲᠤ᠌ ᠬᠣᠭᠣᠯᠠᠯᠠᠬᠤ᠎ᠶ᠋ᠢ ᠠᠯᠢ ᠴᠢᠳᠠᠬᠤ᠎ᠪᠠᠷ ᠪᠠᠭᠠᠰᠭᠠᠵᠤ᠂ ᠪᠣᠭᠣᠳᠠᠯᠯᠠᠵᠤ ᠠᠪᠴᠤ᠌ ᠶᠠᠪᠤᠬᠤ᠎ᠶ᠋ᠢ ᠵᠣᠷᠢᠭ᠍ᠵᠢᠭᠤᠯᠬᠤ》᠂ 《ᠬᠤᠪᠢ ᠬᠥᠮᠦᠨ᠎ᠦ ᠢᠳᠡᠭᠡᠨ ᠤᠮᠳᠠᠭᠠᠨ᠎ᠤ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠰᠠᠢᠲᠤᠷ ᠬᠢᠬᠦ᠌》 ᠵᠡᠷᠭᠡ ᠰᠠᠨᠠᠭᠠᠴᠢᠯᠠᠭ᠎ᠠ ᠭᠠᠷᠭᠠᠵᠤ᠂ ᠣᠯᠠᠨ᠎ᠢ ᠬᠥᠲᠥᠯᠥᠨ ᠵᠢᠯᠣᠭᠣᠳᠴᠤ᠌ ᠪᠠᠢᠭᠠᠳ ᠡᠮᠬᠢ ᠵᠢᠷᠤᠮ᠎ᠲᠠᠶ᠎ᠪᠠᠷ ᠬᠣᠭᠣᠯᠠᠯᠠᠭᠤᠯᠵᠤ᠂ ᠭᠠᠳᠠᠨᠠᠬᠢ ᠵᠠᠬᠢᠶᠠᠯᠠᠭ᠎ᠠ᠎ᠶ᠋ᠢᠨ ᠬᠤᠭᠤᠯᠠ᠎ᠵᠢ ᠠᠪᠬᠤ ᠵᠢ ᠲᠠᠰᠤ ᠵᠣᠭ᠍ᠰᠣᠭᠠᠵᠤ᠂ ᠡᠷᠡᠭᠦᠯ ᠮᠡᠨᠳᠦ᠍᠎ᠶ᠋ᠢᠨ ᠠᠮᠤᠷ ᠲᠦᠪᠱᠢᠨ᠎ᠢ ᠪᠠᠲᠤᠯᠠᠪᠠ᠃
《ᠰᠤᠷᠭᠠᠭᠤᠯᠢ ᠪᠢᠲᠡᠭᠦᠮᠵᠢᠯᠡᠬᠦ᠌ ᠬᠤᠭᠤᠴᠠᠭᠠᠨ᠎ᠳᠤ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠪᠠᠢᠭᠠᠳ ᠪᠠᠭ᠍ᠰᠢ ᠰᠤᠷᠤᠭ᠍ᠴᠢᠳ᠎ᠢ ᠬᠣᠭᠣᠯᠠ ᠢᠳᠡᠭᠦᠯᠵᠦ᠂ ᠰᠠᠢ᠌ᠨ ᠬᠣᠭᠣᠯᠠ ᠢᠳᠡᠭᠦᠯᠦᠨ᠎ᠡ!》 ᠭᠡᠳᠡᠭ ᠨᠢ ᠪᠦᠬᠦ᠌ ᠢᠳᠡᠭᠡᠨ ᠤᠮᠳᠠᠭᠠᠨ᠎ᠤ ᠦᠢᠯᠡᠰ ᠤ᠋ᠨ ᠬᠥᠮᠦᠰ᠎ᠦᠨ ᠮᠥᠷᠥᠨ ᠳᠡᠭᠡᠷᠡᠬᠢ ᠬᠢᠵᠢᠭ᠎ᠲᠡᠶ ᠲᠡᠮᠡᠴᠡᠬᠦ᠌ ᠬᠦᠨᠳᠦ ᠡᠭᠦᠷᠭᠡ ᠪᠠ ᠤᠭ ᠰᠠᠨᠠᠭ᠎ᠠ ᠪᠣᠯᠤᠨ᠎ᠠ᠃ 9 ᠰᠠᠷ᠎ᠠ᠎ᠶ᠋ᠢᠨ 30 ᠤ᠋ ᠡᠳᠦᠷ᠎ᠡᠴᠡ ᠡᠬᠢᠯᠡᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠲᠠᠷᠢᠶᠠᠯᠠᠩ ᠤᠨ ᠶᠡᠬᠡ ᠰᠤᠷᠭᠠᠭᠤᠯᠢ ᠶ᠋ᠢᠨ ᠠᠷᠤ ᠲᠠᠯ᠎ᠠ᠎ᠶ᠋ᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠭᠠᠵᠠᠷ᠎ᠤᠨ ᠢᠳᠡᠭᠡᠨ ᠤᠮᠳᠠᠭᠠᠨ᠎ᠤ ᠲᠥᠪ᠎ᠤᠨ ᠬᠢᠨ ᠰᠤᠷᠭᠠᠭᠤᠯᠢ᠎ᠶ᠋ᠢᠨ ᠤᠷᠢᠶᠠᠯᠠᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ 417 ᠠᠵᠢᠯᠲᠠᠨ ᠠᠵᠢᠯᠴᠢᠨ ᠰᠤᠷᠭᠠᠭᠤᠯᠢ ᠪᠢᠲᠡᠭᠦᠮᠵᠢᠯᠡᠬᠦ᠌ ᠮᠡᠳᠡᠭ᠌ᠳᠡᠯ᠎ᠢ ᠣᠯᠤᠭ᠍ᠰᠠᠨ᠎ᠤ ᠳᠠᠷᠠᠭ᠎ᠠ ᠡᠷᠡᠰ ᠱᠢᠭᠤᠷᠬᠠᠶ᠎ᠪᠠᠷ ᠠᠷᠤ ᠬᠡᠷ᠎ᠢᠶᠡᠨ ᠤᠷᠬᠢᠵᠤ ᠰᠤᠷᠭᠠᠭᠤᠯᠢ᠎ᠪᠠᠨ ᠬᠠᠷᠠᠭᠠᠯᠵᠠᠵᠤ᠂ ᠰᠤᠷᠭᠠᠭᠤᠯᠢ᠎ᠳᠤ ᠪᠠᠢᠭ᠎ᠠ 3 ᠲᠦᠮᠡ ᠱᠢᠬᠠᠮ ᠪᠠᠭ᠍ᠰᠢ ᠰᠤᠷᠤᠭ᠍ᠴᠢᠳ᠎ᠲᠤ ᠡᠳᠦᠷ᠎ᠦᠨ ᠭᠤᠷᠪᠠᠨ ᠡᠷᠡᠨ᠎ᠦ ᠬᠣᠭᠣᠯᠠ ᠵᠢ ᠰᠠᠢᠲᠤᠷ ᠬᠢᠵᠦ᠍ ᠦᠭᠭᠦᠨ᠂ ᠰᠤᠷᠭᠠᠭᠤᠯᠢ᠎ᠳᠤ ᠪᠠᠢᠭ᠎ᠠ ᠪᠠᠭ᠍ᠰᠢ ᠰᠤᠷᠤᠭ᠍ᠴᠢᠳ᠎ᠲᠤ ᠢᠳᠡᠭᠡᠨ ᠤᠮᠳᠠᠭᠠᠨ᠎ᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠵᠤ ᠥᠭ᠌ᠪᠡ᠃
《ᠨᠢᠭᠡ ᠱᠢᠷᠡᠭᠡ᠂ ᠬᠣᠶᠠᠷ ᠰᠠᠨᠳᠠᠯᠢ᠂ ᠳᠠᠷᠤᠢ ᠨᠢᠭᠡ ᠣᠷᠣ ᠪᠤᠯᠵᠤ ᠪᠤᠯᠤᠨ᠎ᠠ; ᠨᠢᠭᠡ ᠴᠡᠷᠢᠭ ᠤ᠋ᠨ ᠬᠦᠷᠮ᠎ᠡ᠂ ᠬᠣᠶᠠᠷ ᠬᠠᠨᠳᠠᠭᠠᠰᠤ᠂ ᠲᠠᠷᠤᠢ ᠨᠢᠭᠡ ᠬᠥᠨᠵᠢᠯᠡ ᠪᠤᠯᠵᠤ ᠪᠤᠯᠤᠨ᠎ᠠ᠃ ᠥᠷᠯᠥᠭᠡ᠎ᠡᠴᠡ ᠣᠷᠣᠢ ᠪᠣᠯᠲᠠᠯ᠎ᠠ ᠵᠣᠭ᠍ᠰᠣᠯ ᠦᠭᠡᠢ ᠡᠷᠭᠢᠯᠳᠦᠵᠦ ᠪᠠᠢᠨ᠎ᠠ᠂ ᠲᠡᠭᠡᠳᠤ ᠲᠩᠷᠢ᠎ᠡᠴᠡ ᠵᠠᠶᠠᠭᠠᠬᠰᠠᠨ ᠪᠠᠭᠠᠲᠤᠷ ᠭᠡᠵᠦ ᠪᠠᠢᠬᠤ ᠦᠭᠡᠢ᠂ ᠵᠥᠪᠬᠡᠨ ᠴᠡᠭᠡᠵᠢ ᠲᠦᠷᠢᠨ ᠭᠠᠷᠴᠤ᠌ ᠢᠷᠡᠬᠰᠡᠨ ᠡᠭᠡᠯ ᠵᠢᠷ᠎ᠤᠨ ᠪᠠᠭᠠᠳᠤᠷᠴᠤᠳ ᠯᠡ ᠪᠠᠢᠨ᠎ᠠ᠃ ᠲᠠᠨ᠎ᠳᠤ ᠬᠦᠨᠳᠦᠳᠭᠡᠯ ᠳᠡᠪᠱᠢᠭᠦᠯᠦᠶ᠎ᠡ᠂ ᠠᠭᠤᠤ ᠶᠡᠬᠡ ᠡᠭᠡᠯ ᠵᠢᠷ᠎ᠦᠨ ᠪᠠᠭᠠᠲᠤᠷ!》 ᠭᠡᠵᠦ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠨᠢᠭᠡᠨ ᠰᠦᠯᠵᠢᠶᠡᠨ ᠠᠨᠳᠠ ᠦᠭᠡ ᠦᠯᠡᠳᠡᠭᠡᠵᠦ᠍ ᠡᠮᠦᠨ᠎ᠡ ᠹᠷᠣᠨᠲ᠎ᠢ ᠪᠠᠲᠤ ᠰᠠᠬᠢᠵᠤ ᠪᠠᠢᠭ᠎ᠠ ᠠᠵᠢᠯᠲᠠᠳ᠎ᠲᠤ ᠬᠦᠨᠳᠦᠳᠭᠡᠯ ᠳᠡᠪᠱᠢᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃