ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-10-27 10:16:46

ᠵᠣᠬᠢᠶᠠᠭ᠍ᠴᠢ᠄ ᠸᠠᠩ ᠯᠢ ᠬᠣᠩ ᠣᠩᠱᠢᠭ᠍ᠰᠠᠨ ᠣᠳᠠᠭ᠎ᠠ᠄ 3

《ᠪᠢ ᠪᠣᠯ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠎ᠶ᠋ᠢᠨ ᠬᠥᠬᠡᠬᠣᠲᠠ ᠎ᠶ᠋ᠢᠨ ᠵᠢᠨᠴᠢᠶᠤᠤ ᠠᠵᠤ ᠠᠬᠤᠶ ᠮᠡᠷᠭᠡᠵᠢᠯ ᠎ᠦᠨ ᠨᠡᠭᠡᠭᠡᠯᠲᠡ ᠎ᠶ᠋ᠢᠨ ᠲᠣᠭᠣᠷᠢᠭ ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠎ᠶ᠋ᠢᠨ ᠰᠠᠢᠨ ᠳᠤᠷᠠᠴᠤᠤᠯ ᠮᠥᠨ᠂ ᠲᠠᠨ᠎ᠳᠤ ᠶᠠᠮᠠᠷ ᠬᠦᠴᠢᠷᠳᠡᠯ ᠪᠠᠢᠪᠠᠯ ᠪᠢ ᠱᠢᠶ᠋ᠳᠪᠦᠷᠢᠯᠡᠵᠦ᠍ ᠥᠭ᠌ᠭᠦᠶ᠎ᠡ!》 ᠬᠡᠵᠦ ᠵᠢᠵᠢᠭᠦᠷᠯᠡᠨ ᠰᠠᠬᠢᠬᠤ ᠴᠡᠭ᠎ᠲᠦ᠂ ᠲᠢᠶᠠᠨ ᠴᠢᠶᠠᠨ ᠨᠠᠮ᠎ᠤᠨ ᠰᠦᠯᠳᠡ ᠵᠡᠭᠦᠵᠦ᠍᠂ ᠤᠯᠠᠭᠠᠨ ᠦᠩᠭᠡ᠎ᠲᠡᠶ ᠰᠠᠢ᠌ᠨ ᠳᠤᠷᠠᠴᠤᠤᠯ ᠤ᠋ᠨ ᠡᠯᠢᠬᠡᠪᠴᠢ ᠡᠮᠦᠰᠴᠦ᠍ ᠪᠤᠰᠤᠳ ᠰᠠᠢ᠌ᠨ ᠳᠤᠷᠠᠴᠤᠤᠯ ᠲᠠᠶ ᠮᠥᠷᠥ᠍ ᠵᠡᠷᠭᠡᠴᠡᠨ 《ᠪᠠᠢᠯᠳᠤᠪᠠ》᠃

《ᠪᠢ ᠲᠤᠷᠱᠢᠵᠤ ᠦᠵᠡᠶ᠎ᠡ᠂ ᠵᠣᠬᠢᠶᠠᠨ ᠪᠠᠢ᠍ᠢᠭᠤᠯᠤᠯᠲᠠ ᠰᠠᠨᠠᠭ᠎ᠠ ᠠᠮᠤᠷ ᠪᠠᠢᠭᠠᠷᠠᠢ!》 ᠬᠢᠵᠢᠭ᠎ᠦᠨ ᠪᠠᠢᠳᠠᠯ ᠭᠠᠷᠤᠭ᠍ᠰᠠᠨ᠎ᠤ ᠲᠠᠷᠠᠭ᠎ᠠ᠂ ᠲᠢᠶᠠᠨ ᠴᠢᠶᠠᠨ ᠰᠠᠨᠠᠭᠠᠴᠢᠯᠠᠭ᠎ᠠ᠎ᠡᠴᠡ᠎ᠪᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠣᠴᠢᠬᠤ᠎ᠶ᠋ᠢ ᠭᠤᠶᠤᠴᠢᠯᠠᠪᠠ᠃

《ᠤᠯᠠᠭᠠᠨ ᠡᠯᠢᠭᠡᠪᠴᠢ》 ᠡᠮᠦᠰᠪᠡᠯ ᠬᠠᠷᠢᠭᠤᠴᠠᠯᠭᠠᠲᠤ ᠰᠡᠳᠭᠢᠯᠭᠡ᠎ᠲᠡᠶ ᠪᠣᠯᠤᠨ᠎ᠠ᠃ ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ ᠭᠠᠷᠤᠬᠰᠡᠨ᠎ᠡᠴᠡ ᠨᠠᠭᠠᠰᠢ᠂ ᠲᠢᠶᠠᠨ ᠴᠢᠶᠠᠨ ᠳᠠᠷᠳᠠᠩ ᠨᠡᠢᠭᠡᠮ ᠲᠣᠭᠣᠷᠢᠭ ᠲᠠᠢ ᠬᠠᠮᠵᠢᠯᠴᠠᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠠᠵᠢᠯ᠎ᠢ 12 ᠤᠳᠠᠭ᠎ᠠ ᠥᠷᠨᠢᠭᠦᠯᠵᠦ᠍᠂ ᠵᠢᠵᠢᠭᠦᠷᠯᠡᠨ ᠰᠠᠬᠢᠬᠤ ᠴᠡᠭ᠎ᠢ 15 ᠤᠳᠠᠭ᠎ᠠ ᠲᠣᠭᠣᠷᠢᠨ ᠪᠠᠢᠴᠠᠭᠠᠵᠤ᠂ 120 ᠴᠠᠭ ᠵᠢᠵᠢᠭᠦᠷᠯᠠᠨ ᠰᠠᠬᠢᠬᠤ ᠡᠭᠦᠷᠭᠡ ᠬᠦᠢᠴᠡᠳᠭᠡᠪᠡ᠃ ᠡᠭᠦᠨ᠎ᠦ ᠵᠡᠷᠭᠡ ᠪᠡᠷ᠂ ᠲᠡᠷᠡ ᠤᠯᠤᠰ᠎ᠤᠨ ᠭᠠᠢᠯᠢ ᠎ᠶ᠋ᠢᠨ ᠶᠠᠪᠤᠳᠠᠯ ᠎ᠤᠨ ᠶᠡᠷᠦᠩᠬᠡᠶ ᠲᠣᠪᠴᠢᠶ᠎ᠠ ᠎ᠶ᠋ᠢᠨ ᠬᠥᠬᠡᠬᠣᠲᠠ ᠎ᠶ᠋ᠢᠨ ᠵᠢᠨᠴᠢᠶᠤᠤ ᠠᠵᠤ ᠠᠬᠤᠶ ᠮᠡᠷᠭᠡᠵᠢᠯ᠎ᠦᠨ ᠨᠡᠭᠡᠭᠡᠯᠲᠡ ᠎ᠶ᠋ᠢᠨ ᠲᠣᠭᠣᠷᠢᠭ ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢ ᠲᠥᠯᠥᠭᠡᠯᠡᠨ ᠳᠠᠭᠠᠭᠠᠴᠢᠯᠠᠨ ᠬᠠᠷᠢᠯᠴᠠᠭ᠍ᠰᠠᠨ ᠲᠠᠷᠳᠠᠩ ᠨᠡᠢᠭᠡᠮ ᠲᠣᠭᠣᠷᠢᠭ᠎ᠲᠤ 1.3 ᠲᠦᠮᠡ ᠭᠠᠷᠤᠶ ᠲᠥᠭᠥᠷᠢᠭ᠎ᠦᠨ ᠥᠷᠲᠡᠭ ᠪᠥᠬᠥᠶ ᠡᠳ᠋ ᠪᠣᠳᠠᠰ ᠬᠠᠨᠳᠢᠪᠯᠠᠪᠠ᠃

ᠠᠮᠤᠷ ᠲᠦᠪᠱᠢᠨ ᠎ᠢ ᠪᠠᠲᠤᠯᠠᠵᠤ᠂ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠲᠥᠯᠥᠭᠡ᠂ ᠲᠢᠶᠠᠨ ᠴᠢᠶᠠᠨ ᠰᠠᠨᠠᠭᠠᠴᠢᠯᠠᠭ᠎ᠠ᠎ᠡᠴᠡ᠎ᠪᠠᠨ ᠨᠡᠢᠭᠡᠮ ᠲᠣᠭᠣᠷᠢᠭ᠎ᠲᠤ ᠰᠠᠨᠠᠭᠤᠯᠭ᠎ᠠ ᠳᠤᠷᠠᠳᠴᠤ᠌᠂ ᠡᠳ᠋ ᠪᠣᠳᠠᠰ ᠬᠤᠳᠠᠯᠳᠤᠨ ᠠᠪᠬᠤ ᠠᠷᠭ᠎ᠠ ᠬᠡᠯᠪᠡᠷᠢ᠎ᠶ᠋ᠢ ᠥᠩᠭᠡᠷᠡᠭ᠌ᠰᠡᠨ᠎ᠳᠦ ᠡᠳᠦᠷ ᠪᠦᠷᠢ ᠲᠠᠷᠠᠬᠠᠶ ᠪᠤᠲᠠᠷᠬᠠᠶ ᠬᠤᠳᠠᠯᠳᠤᠨ ᠠᠪᠴᠤ᠌ ᠪᠠᠢᠭ᠍ᠰᠠᠨ᠎ᠢ ᠲᠥᠪᠯᠡᠷᠡᠭᠦᠯᠦᠨ ᠬᠤᠳᠠᠯᠳᠤᠨ ᠠᠪᠬᠤ ᠪᠣᠯᠭᠠᠨ ᠬᠤᠪᠢᠷᠠᠭᠤᠯᠬᠤ᠎ᠶ᠋ᠢᠨ ᠬᠠᠮᠲᠤ ᠠᠳᠠᠯ ᠠᠬᠤᠶ᠎ᠶ᠋ᠢᠨ ᠠᠮᠤᠷ᠎ᠢ ᠬᠠᠮᠠᠭᠠᠯᠠᠭ᠍ᠴᠢ᠎ᠡᠴᠡ ᠠᠷᠢᠭᠤᠳᠭᠠᠨ ᠴᠡᠪᠡᠷᠯᠡᠵᠦ᠍᠂ 2 ᠴᠠᠭ᠎ᠲᠠᠯᠪᠢᠬᠰᠡᠨ ᠤ᠋ ᠲᠠᠷᠠᠭ᠎ᠠ ᠨᠢᠭᠡᠳᠤᠯᠳᠠᠢ ᠲᠠᠷᠬᠠᠭᠠᠬᠤ ᠪᠤᠯᠭᠠᠪᠠ᠃ ᠢᠩᠭᠢᠭᠡᠳ ᠰᠠᠭᠤᠭᠠᠯᠢ ᠠᠷᠠᠳ᠎ᠤᠨ ᠠᠮᠤᠷ ᠲᠦᠪᠱᠢᠨ᠎ᠢ ᠬᠠᠮᠠᠭᠠᠯᠠᠬᠤ ᠵᠢᠨ ᠬᠠᠮᠳᠤ ᠪᠠᠰᠠ ᠤᠯᠠᠨ᠎ᠢ ᠰᠠᠨᠠᠭ᠎ᠠ ᠠᠮᠤᠷ ᠢᠳᠡᠵᠦ᠍ ᠤᠤᠭᠤᠬᠤ ᠪᠣᠯᠭᠠᠪᠠ᠃

《ᠡᠮ᠎ᠢᠶᠡᠨ ᠵᠣᠭ᠍ᠰᠣᠬᠤ ᠨᠢ ᠮᠠᠰᠢ ᠠᠶᠤᠯ᠎ᠲᠦᠭᠰᠢᠭᠦᠷᠢ ᠲᠠᠶ ᠂ ᠪᠢ ᠲᠠᠨ᠎ᠢ ᠬᠠᠪᠰᠤᠷᠤᠨ ᠬᠤᠳᠠᠯᠳᠤᠨ ᠠᠪᠴᠤ᠌ ᠥᠭ᠌ᠬᠦᠶ᠎ᠡ!》 ᠨᠢᠭᠡᠨ ᠰᠠᠭᠤᠭᠠᠯᠢ ᠠᠷᠠᠳ᠎ᠤᠨ ᠪᠡᠶ᠎ᠡ ᠭᠡᠨᠡᠳᠲᠡ ᠡᠪ ᠦᠭᠡᠢ ᠪᠣᠯᠤᠭ᠍ᠰᠠᠨ᠎ᠳᠤ ᠲᠢᠶᠠᠨ ᠴᠢᠶᠠᠨ ᠲᠡᠷᠡ ᠳᠠᠷᠤᠢ᠎ᠳᠤᠨᠢ ᠡᠪᠡᠳᠴᠢᠲᠡᠨ᠎ᠦ ᠡᠪᠡᠳᠴᠢᠨ᠎ᠦ ᠪᠠᠢᠳᠠᠯ᠎ᠢ ᠯᠠᠪᠯᠠᠨ ᠠᠰᠠᠭᠤᠵᠤ᠂ ᠡᠮᠴᠢ ᠡᠴᠡ ᠬᠠᠪᠰᠤᠷᠤᠯᠭ᠎ᠠ ᠬᠦᠰᠡᠪᠡ᠃ ᠡᠮᠨᠡᠯᠭᠡ᠎ᠶ᠋ᠢᠨ ᠬᠣᠷᠢᠶᠠᠨ᠎ᠳᠤ ᠡᠮ ᠠᠪᠬᠤ᠎ᠪᠠᠷ ᠣᠴᠢᠬᠤ ᠵᠠᠮ᠎ᠳᠠᠭᠠᠨ᠂ ᠲᠡᠷᠡ ᠡᠪᠡᠳᠴᠢᠳᠡᠨ᠎ᠤ ᠬᠡᠷ᠎ᠦᠨ ᠬᠥᠮᠦᠰ᠎ᠦᠨ ᠬᠢᠨᠢ ᠤᠷᠮ᠎ᠠ ᠰᠡᠳᠭᠢᠯᠭᠡ᠎ᠶ᠋ᠢ ᠲᠠᠢᠳᠭᠤᠷᠠᠭᠤᠯᠬᠤ ᠵᠢᠨ ᠵᠡᠷᠭᠡ ᠪᠡᠷ ᠨᠡᠢᠭᠡᠮ ᠲᠣᠭᠣᠷᠢᠭ᠎ᠤᠨ ᠠᠵᠢᠯᠲᠠᠳ᠎ᠲᠠᠶ ᠠᠵᠢᠯ ᠵᠢᠡᠨ ᠵᠣᠯᠭᠠᠭᠤᠯᠪᠠ᠃ ᠡᠮ᠎ᠢ ᠡᠪᠡᠳᠴᠢᠲᠡᠨ᠎ᠦ ᠭᠠᠷ᠎ᠲᠤ ᠬᠦᠷᠭᠡᠭᠰᠡᠨ ᠤ᠋ ᠳᠠᠷᠠᠭ᠎ᠠ᠂ ᠲᠡᠷᠡ ᠪᠠᠰᠠ ᠡᠮ ᠬᠡᠷᠡᠭ᠌ᠯᠡᠬᠦ᠌ ᠬᠡᠮᠵᠢᠶ᠎ᠡ᠂ ᠴᠠᠭ ᠬᠤᠭᠤᠴᠠᠭ᠎ᠠ ᠪᠣᠯᠤᠨ ᠠᠩᠬᠠᠷᠬᠤ ᠵᠦᠢᠯ᠎ᠢ ᠨᠠᠷᠢᠨ ᠨᠢᠮᠪᠠᠢ ᠰᠠᠨᠠᠭᠤᠯᠤᠭ᠍ᠰᠠᠨ᠎ᠤ ᠳᠠᠷᠠᠭ᠎ᠠ ᠰᠠᠶᠢ ᠰᠠᠨᠠᠭ᠎ᠠ ᠠᠮᠤᠷ ᠪᠤᠴᠠᠪᠠ᠃

ᠡᠭᠦᠨ᠎ᠡᠴᠡ ᠭᠠᠳᠠᠨ᠎ᠠ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠭᠠᠢᠯᠢ ᠰᠦᠶ᠋ᠳᠭᠡᠯ᠎ᠦᠨ ᠦᠶ᠋ᠯᠡᠴᠢᠯᠡᠭᠡ 《ᠬᠣᠶᠠᠷ᠎ᠢ ᠥᠯᠥ᠍ ᠰᠠᠭᠠᠲᠠᠭᠠᠬᠤ》 ᠶ᠋ᠢ ᠪᠡᠶᠡᠯᠡᠭᠦᠯᠵᠦ᠍᠂ ᠭᠠᠢᠯᠢ ᠲᠤᠱᠢᠶᠠᠭ᠍ᠴᠢ᠎ᠶ᠋ᠢᠨ ᠭᠠᠢᠯᠢ ᠲᠤᠱᠢᠶᠠᠵᠤ ᠰᠦᠶ᠋ᠳᠭᠡᠯ ᠲᠤᠱᠢᠶᠠᠬᠤ᠎ᠶ᠋ᠢ ᠤᠷᠤᠭ᠍ᠰᠢᠲᠠᠶ ᠪᠠᠲᠤᠯᠠᠬᠤ᠎ᠶ᠋ᠢᠨ ᠲᠥᠯᠥᠭᠡ᠂ 10 ᠰᠠᠷ᠎ᠠ᠎ᠶ᠋ᠢᠨ 9 ᠎ᠤ᠋ ᠡᠳᠦᠷ᠎ᠡᠴᠡ ᠡᠬᠢᠯᠡᠨ᠂ ᠲᠢᠶᠠᠨ ᠴᠢᠶᠠᠨ 7 ᠨᠠᠮ᠎ᠤᠨ ᠭᠡᠱᠢᠭᠦᠨ ᠺᠠᠳ᠋ᠷ᠎ᠢ ᠳᠠᠭᠠᠭᠤᠯᠤᠨ 《ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠᠲᠤᠯᠠᠭ᠎ᠠ᠎ᠶ᠋ᠢᠨ ᠪᠦᠯᠬᠦᠮ》 ᠎ᠢ᠋ ᠪᠦᠷᠢᠯᠳᠦᠭᠦᠯᠵᠦ᠍᠂ ᠵᠠᠯᠭᠠᠭ᠎ᠠ᠎ᠪᠠᠷ 20 ᠭᠠᠷᠤᠶ ᠡᠳᠦᠷ 24 ᠴᠠᠭ᠎ᠢᠶᠠᠷ ᠭᠠᠢᠯᠢ ᠲᠤᠱᠢᠶᠠᠬᠤ ᠦᠶ᠋ᠯᠡᠴᠢᠯᠡᠭᠡᠨ᠎ᠦ ᠲᠢᠩᠬᠢᠮ᠎ᠢ ᠵᠢᠵᠢᠬᠦᠷᠯᠡᠨ ᠰᠠᠬᠢᠪᠠ᠃ 《ᠨᠢᠭᠡᠴᠢ ᠎ᠡᠴᠡ ᠭᠥᠯᠢᠶᠡᠨ ᠰᠣᠨᠣᠰᠭᠤ + ᠬᠡᠷ᠎ᠡᠴᠡ ᠪᠡᠨ ᠬᠠᠮᠵᠢᠯᠴᠠᠬᠤ》 ᠠᠵᠢᠯ᠎ᠤᠨ ᠵᠠᠭ᠍ᠪᠤᠷ᠎ᠢᠶᠠᠷ ᠳᠠᠮᠵᠢᠭᠤᠯᠤᠨ᠂ ᠭᠠᠢᠯᠢ ᠲᠤᠱᠢᠶᠠᠭ᠍ᠴᠢ᠎ᠰᠦᠶ᠋ᠳᠭᠡᠯ ᠲᠤᠱᠢᠶᠠᠭ᠍ᠴᠢ᠎ᠶ᠋ᠢᠨ ᠭᠠᠢᠯᠢ᠎ᠳᠤ ᠬᠣᠯᠪᠣᠭ᠍ᠳᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠢᠳᠡᠪᠬᠢᠲᠡᠶ ᠱᠢᠶ᠋ᠳᠪᠦᠷᠢᠯᠡᠵᠦ᠍᠂ ᠰᠠᠨᠠᠯ ᠰᠠᠨᠠᠭᠤᠯᠭ᠎ᠠ ᠎ᠶ᠋ᠢ ᠴᠠᠭ ᠲᠤᠬᠠᠶ᠎ᠳᠤᠨᠢ ᠲᠡᠮᠳᠡᠭ᠌ᠯᠡᠨ ᠲᠤᠰᠭᠠᠵᠤ᠂ ᠬᠠᠯᠠᠮᠱᠢᠯ ᠤᠲᠠᠰᠤ᠎ᠪᠠᠷ ᠭᠥᠯᠢᠶᠡᠨ ᠠᠪᠴᠤ᠌ ᠰᠣᠨᠣᠰᠭᠤ ᠬᠡᠮᠵᠢᠶ᠎ᠡ ᠶᠡᠬᠡ᠂ ᠠᠰᠠᠭᠤᠨ ᠯᠠᠪᠯᠠᠬᠤ ᠠᠰᠠᠭᠤᠳᠠᠯ᠎ᠨᠢ ᠪᠤᠳᠤᠯᠢᠶᠠᠨᠲᠠᠶ ᠪᠠᠢᠬᠤ ᠬᠦᠴᠢᠷ ᠠᠰᠠᠭᠤᠳᠠᠯ ᠎ᠢ ᠪᠦᠲᠦᠮᠵᠢᠲᠡᠶ ᠱᠢᠶ᠋ᠳᠪᠦᠷᠢᠯᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面