2022-10-31 17:22:42
ᠬᠢᠵᠢᠭ᠎ᠦᠨ ᠪᠠᠢᠳᠠᠯ ᠪᠣᠯ ᠵᠠᠷᠯᠢᠭ ᠮᠥᠨ᠃ ᠬᠥᠬᠡᠬᠣᠲᠠ᠎ᠶ᠋ᠢᠨ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠢ ᠪᠦᠬᠦ᠌ ᠬᠦᠴᠦᠨᠢᠶᠡᠷᠰᠠᠢᠲᠤᠷ ᠬᠢᠬᠦ᠌᠎ᠳᠦ 《ᠪᠡᠶ᠎ᠡ᠎ᠶ᠋ᠢᠨ ᠲᠠᠮᠢᠷ᠎ᠤᠨ ᠬᠦᠴᠦᠨ》᠎ᠢ ᠨᠡᠮᠡᠷᠢᠯᠡᠬᠦ ᠵᠢᠨ ᠲᠦᠯᠦᠭᠡ᠂ ᠤᠢᠷ᠎ᠠ᠎ᠳᠦ᠂ ᠬᠦᠬᠡᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠥᠬᠥ᠌ ᠨᠠᠮ᠎ᠤᠨ ᠭᠡᠱᠢᠭᠦᠨ ᠺᠠᠳ᠋ᠷ ᠠᠵᠢᠯᠲᠠᠨ ᠵᠢᠡᠨ ᠵᠤᠬᠢᠶᠠᠨ ᠪᠠᠢᠭᠤᠯᠵᠤ᠂ ᠰᠡᠳᠭᠢᠯ ᠵᠢᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠨᠡᠢᠭᠡᠮ ᠲᠣᠭᠣᠷᠢᠭ᠎ᠤᠨ ᠰᠡᠷᠭᠡᠢᠯᠡᠨ ᠡᠵᠡᠮᠳᠡᠬᠦ᠌ ᠪᠠ ᠲᠤᠰᠠᠭᠠᠷᠯᠠᠬᠤ ᠴᠡᠭ᠎ᠦᠨ ᠬᠢᠵᠢᠭ᠎ᠤᠨ ᠪᠠᠢᠳᠠᠯ ᠢ ᠰᠡᠷᠭᠡᠢᠯᠡᠨ ᠡᠵᠡᠮᠳᠡᠬᠦ ᠡᠮᠦᠨ᠎ᠡ ᠹᠷᠣᠨᠲ᠎ᠲᠤ ᠰᠠᠢ᠌ᠨ ᠳᠤᠷ᠎ᠠ᠎ᠶ᠋ᠢᠨ ᠦᠢᠯᠡᠴᠢᠯᠡᠭᠡᠬᠠᠩᠭᠠᠨᠠ᠃

ᠨᠡᠢᠭᠡᠮ ᠲᠣᠭᠣᠷᠢᠭ ᠪᠠ ᠰᠠᠭᠤᠭᠠᠯᠢ ᠠᠷᠠᠳ᠎ᠤᠨ ᠲᠣᠭᠣᠷᠢᠭ᠎ᠢ ᠬᠠᠮᠵᠢᠨ ᠪᠥᠭᠡᠮ ᠬᠦᠴᠢᠯ᠎ᠦᠨ ᠰᠢᠯᠭᠠᠨ ᠪᠠᠢᠴᠠᠭᠠᠯᠳᠠ ᠬᠢᠬᠦ᠂ ᠮᠡᠳᠡᠭᠡ ᠵᠠᠩᠭᠢ᠎ᠶ᠋ᠢᠨ ᠪᠦᠷᠢᠳᠭᠡᠯ ᠬᠢᠬᠦ᠂ ᠡᠷᠡᠭᠦᠯ ᠬᠠᠮᠠᠭᠠᠯᠠᠯ᠎ᠤᠨ ᠠᠷᠢᠭᠤᠳᠭᠠᠯ ᠬᠢᠬᠦ᠂ ᠡᠳ᠋ ᠪᠠᠷᠠᠭ᠎ᠠ ᠲᠣᠬᠢᠷᠠᠭᠤᠯᠤᠨ ᠬᠦᠷᠭᠡᠬᠦ᠌ ᠵᠡᠷᠭᠡ ᠠᠵᠢᠯ᠎ᠢ ᠬᠠᠮᠵᠢᠨ ᠬᠢᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠦᠪᠡᠷᠮᠢᠴᠡ ᠬᠦᠴᠦᠨ ᠴᠢᠳᠠᠯ᠎ᠢᠶᠠᠨ ᠡᠷᠭᠦᠨ᠎ᠡ᠃
ᠬᠦᠬᠡᠬᠤᠲᠠ ᠶ᠋ᠢᠨ ᠪᠡᠶ᠎ᠡ ᠶ᠋ᠢᠨ ᠲᠠᠮᠢᠷ ᠤᠨ ᠲᠣᠪᠴᠢᠶ᠎ᠠ ᠪᠠ ᠱᠢᠭᠤᠳ ᠬᠠᠷᠢᠶ᠎ᠠ ᠨᠢᠭᠡᠴᠢ᠎ᠶ᠋ᠢᠨ 5 ᠨᠠᠮ᠎ᠤᠨ ᠡᠭᠦᠷ᠎ᠦᠨ 150 ᠭᠠᠷᠤᠶ ᠨᠠᠮ᠎ᠤᠨ ᠭᠡᠱᠢᠭᠦᠨ ᠺᠠᠳ᠋ᠷ ᠠᠵᠢᠯᠲᠠᠨ ᠠᠵᠢᠯᠴᠢᠨ ᠤᠬᠠᠭᠤᠯᠭ᠎ᠠ᠂ ᠵᠢᠵᠢᠭᠦᠷᠯᠡᠨ ᠰᠠᠬᠢᠬᠤ᠂ ᠵᠢᠭ᠍ᠰᠠᠭᠠᠨ ᠪᠠᠢᠴᠠᠭᠠᠬᠤ᠂ ᠦᠶ᠋ᠯᠡᠴᠢᠯᠡᠭᠡᠨ᠎ᠤ ᠪᠠᠲᠤᠯᠠᠭ᠎ᠠ ᠵᠡᠷᠭᠡ ᠠᠵᠢᠯ᠎ᠢ ᠬᠠᠮᠵᠢᠯᠴᠠᠨ ᠬᠢᠵᠦ᠂ ᠲᠣᠪᠴᠢᠶᠠᠨ᠎ᠤ ᠤᠳᠤᠷᠢᠳᠭᠤ ᠪᠠᠭ᠎ᠤᠨ ᠪᠦᠷᠢᠯᠳᠦᠬᠦᠨ ᠡᠳᠦᠷ ᠪᠦᠷᠢ ᠨᠡᠢᠭᠡᠮ ᠲᠣᠭᠣᠷᠢᠭ᠎ᠤᠨ ᠡᠯ᠎ᠡ ᠵᠢᠵᠢᠭᠦᠷᠯᠡᠬᠦ᠌ ᠴᠡᠭ᠎ᠲᠦ ᠲᠣᠭᠣᠷᠢᠨ ᠪᠠᠢᠴᠠᠭᠠᠯᠲᠠ ᠬᠢᠪᠡ᠃
ᠬᠦᠬᠡᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠱᠠᠯᠠᠪᠳᠠᠭᠤᠯᠤᠨ ᠵᠢᠯᠣᠭᠣᠳᠭᠤ ᠳᠤᠭᠤᠢᠯᠠᠩ ᠪᠠᠢᠭᠤᠯᠵᠤ᠂ ᠨᠡᠢᠭᠡᠮ ᠲᠣᠭᠣᠷᠢᠭ᠎ᠲᠤ ᠭᠦᠨᠵᠡᠭᠡᠢᠷᠡᠭ᠌ᠰᠡᠨ ᠺᠠᠳ᠋ᠷ ᠠᠵᠢᠯᠲᠠᠨ ᠠᠵᠢᠯᠴᠢᠨ᠎ᠤ ᠬᠡᠷᠡᠭ᠌ᠴᠡᠭᠡ ᠱᠠᠭᠠᠷᠳᠠᠯᠭ᠎ᠠ ᠪᠣᠯᠤᠨ ᠬᠦᠴᠢᠷᠳᠡᠯ᠎ᠢ᠎ᠨᠢ ᠨᠢᠭᠡᠳᠦᠯᠲᠡᠶ ᠲᠥᠯᠥᠪᠵᠢᠭᠦᠯᠦᠨ ᠱᠢᠶ᠋ᠳᠪᠦᠷᠢᠯᠡᠵᠦ᠍ ᠂ ᠬᠢᠵᠢᠭ᠎ᠢ ᠰᠡᠷᠭᠡᠢᠯᠡᠬᠦ ᠡᠮᠦᠨ᠎ᠡ ᠹᠷᠣᠨᠲ᠎ᠲᠤ ᠪᠠᠢᠭ᠎ᠠ ᠬᠥᠮᠦᠰ᠎ᠲᠦ ᠬᠢᠵᠢᠭ᠎ᠢ ᠰᠡᠷᠭᠡᠢᠯᠡᠬᠦ᠌ ᠡᠳ᠋ ᠪᠣᠳᠠᠰ ᠪᠣᠯᠤᠨ ᠠᠮᠢᠳᠤᠷᠠᠯ᠎ᠤᠨ ᠡᠳ᠋ ᠪᠣᠳᠠᠰ᠎ᠢ ᠢᠳᠡᠪᠬᠢᠲᠡᠶ ᠪᠡᠯᠡᠳᠭᠡᠨ ᠦᠭᠴᠦ᠂ ᠨᠠᠮ᠎ᠤᠨ ᠭᠡᠱᠢᠭᠦᠨ ᠺᠠᠳ᠋ᠷ ᠠᠵᠢᠯᠲᠠᠨ ᠠᠵᠢᠯᠴᠢᠨ᠎ᠤ ᠰᠡᠷᠭᠡᠢᠯᠡᠯᠲᠡ ᠬᠠᠮᠠᠭᠠᠯᠠᠯᠲᠠ᠎ᠶ᠋ᠢ ᠪᠥᠬᠥ᠌ ᠲᠠᠯ᠎ᠠ᠎ᠪᠠᠷ ᠭᠦᠶ᠋ᠴᠡᠳ ᠪᠠᠲᠤᠯᠠᠵᠤ ᠂ ᠬᠠᠮᠤᠭ᠎ᠤᠨ ᠶᠡᠬᠡ ᠴᠢᠷᠮᠠᠢᠯᠭ᠎ᠠ ᠪᠡᠷ ᠨᠡᠢᠭᠡᠮ ᠲᠣᠭᠣᠷᠢᠭ᠎ᠤᠨ ᠬᠦᠴᠢᠷᠳᠡᠯ᠎ᠢ ᠱᠢᠶ᠋ᠳᠪᠦᠷᠢᠯᠡᠵᠦ᠍ ᠦᠭᠴᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃