ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-11-06 16:12:53

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 5 ᠎ᠤ ᠡᠳᠦᠷ᠂ ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ ᠲᠣᠰ ᠲᠢᠩᠬᠢᠮ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳᠠᠬᠢ ᠣᠨᠴᠠᠭᠠᠶ ᠬᠦᠴᠢᠷᠳᠡᠯᠲᠡᠢ ᠨᠠᠰᠤᠲᠠᠢᠴᠤᠳ᠎ᠢ ᠬᠠᠯᠠᠮᠵᠢᠯᠠᠨ ᠲᠤᠰᠠᠯᠠᠬᠤ ᠦᠢᠯᠡᠴᠢᠯᠡᠭᠡᠨ᠎ᠦ ᠤᠯᠤᠰ ᠲᠥᠷᠥ᠍᠎ᠶᠢᠨ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠠᠵᠢᠯ᠎ᠤᠨ ᠠᠷᠭ᠎ᠠ ᠬᠡᠮᠵᠢᠶ᠎ᠡ᠎ᠪᠡᠨ ᠴᠢᠩᠭᠠᠳᠬᠠᠨ᠂ ᠪᠠᠢᠳᠠᠯ᠎ᠢ ᠨᠠᠷᠢᠨ ᠣᠢᠯᠠᠭᠠᠵᠤ ᠵᠢᠭ᠍ᠰᠠᠭᠠᠨ ᠪᠠᠢᠴᠠᠭᠠᠬᠤ᠂ ᠬᠠᠯᠠᠮᠵᠢᠯᠠᠨ ᠬᠠᠢᠷᠠᠯᠠᠬᠤ ᠦᠢᠯᠡᠴᠢᠯᠡᠭᠡ᠂ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂ 《ᠳᠥᠷᠪᠡᠨ ᠲᠣᠣᠷ》᠎ᠲᠠᠢ ᠬᠣᠯᠪᠤᠭᠠᠯᠠᠨ ᠬᠠᠮᠵᠢᠯᠴᠠᠵᠤ᠂ ᠣᠨᠴᠠᠭᠠᠶ ᠬᠦᠴᠢᠷᠳᠡᠯᠲᠡᠢ ᠨᠠᠰᠤᠲᠠᠢᠴᠤᠳ᠎ᠤᠨ ᠦᠨᠳᠦᠰᠦᠨ ᠠᠮᠢᠳᠤᠷᠠᠯ ᠪᠠ ᠦᠢᠯᠡᠴᠢᠯᠡᠭᠡᠨ᠎ᠦ ᠬᠡᠷᠡᠭᠴᠡᠭᠡ ᠱᠠᠭᠠᠷᠳᠠᠯᠭ᠎ᠠ᠎ᠶᠢ ᠦᠨᠡᠨ ᠬᠦ᠌ ᠰᠠᠢᠲᠤᠷ ᠪᠠᠲᠤᠯᠠᠵᠦ ᠪᠠᠢᠨ᠎ᠠ᠃

ᠣᠢᠯᠠᠭᠠᠭᠰᠠᠨ᠎ᠢᠶᠠᠷ᠂ 10 ᠰᠠᠷ᠎ᠠ᠎ᠠᠴᠠ ᠨᠠᠭᠠᠰᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ ᠣᠯᠠᠨ ᠤᠳᠠᠭ᠎ᠠ ᠸᠢᠳᠢᠣ᠋ ᠲᠣᠬᠢᠷᠠᠭᠤᠯᠤᠯᠲᠠ᠎ᠶᠢᠨ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ 《ᠨᠢᠭᠡ ᠨᠠᠰᠤᠲᠠᠨ ᠨᠢᠭᠡ ᠨᠢᠯᠬ᠎ᠠ》᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠲᠣᠬᠢᠷᠠᠭᠤᠯᠤᠨ ᠪᠠᠢᠷᠢᠯᠠᠭᠤᠯᠬᠤ᠎ᠶᠢᠨ ᠬᠠᠮᠲᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠢᠭ᠍ᠰᠠᠭᠠᠯ᠎ᠤᠨ ᠭᠠᠵᠠᠷ᠎ᠢᠶᠠᠨ ᠴᠢᠩᠭ᠎ᠠ ᠰᠠᠬᠢᠵᠤ᠂ ᠪᠥᠬᠥ ᠲᠠᠯ᠎ᠠ᠎ᠶᠢᠨ ᠪᠠᠢᠳᠠᠯ᠎ᠢ ᠣᠢᠯᠠᠭᠠᠨ ᠵᠢᠭ᠍ᠰᠠᠭᠠᠨ ᠪᠠᠢᠴᠠᠭᠠᠵᠤ᠂ ᠭᠠᠭᠴᠠᠭᠠᠷ ᠰᠠᠭᠤᠭ᠎ᠠ ᠵᠡᠷᠭᠡ ᠣᠨᠴᠠᠭᠠᠶ ᠬᠦᠴᠢᠷᠳᠡᠯᠲᠡᠢ ᠨᠠᠰᠤᠲᠠᠢᠴᠤᠳ ᠵᠡᠷᠭᠡ ᠬᠥᠮᠥᠰ᠎ᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃

ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠢᠯᠤᠭᠣᠳᠴᠤ ᠪᠠᠢᠭᠠᠳ ᠨᠡᠢᠭᠡᠮ ᠲᠣᠭᠣᠷᠢᠭ᠋᠂ ᠲᠣᠰᠬᠣᠨ ( ᠰᠠᠭᠤᠭᠠᠯᠢ ᠠᠷᠠᠳ ) ᠎ᠤ ᠵᠥᠪᠯᠡᠯ᠂ ᠨᠡᠢᠭᠡᠮ᠎ᠦᠨ ᠵᠣᠬᠢᠶᠠᠨ ᠪᠠᠢᠭᠤᠯᠤᠯᠲᠠ᠂ ᠨᠡᠢᠭᠡᠮ ᠲᠣᠭᠣᠷᠢᠭ᠋᠎ᠤᠨ ᠠᠵᠢᠯᠲᠠᠨ᠂ ᠨᠡᠢᠭᠡᠮ᠎ᠦᠨ ᠠᠵᠢᠯᠲᠠᠨ᠂ ᠰᠠᠢᠨ ᠳᠤᠷᠠᠴᠤᠳ ᠵᠡᠷᠭᠡ ᠲᠠᠯ᠎ᠠ᠎ᠶᠢᠨ ᠬᠦᠴᠦᠨ᠎ᠦ ᠦᠢᠯᠡᠳᠦᠯ᠎ᠢ ᠭᠦᠢᠴᠡᠳ ᠪᠠᠳᠠᠷᠠᠭᠤᠯᠵᠤ᠂ ᠣᠢᠷ᠎ᠠ ᠬᠠᠪᠢ ᠳ᠋ᠤᠨᠢ ᠳᠥᠭᠥᠮ ᠦᠵᠡᠭᠦᠯᠬᠦ ᠵᠠᠷᠴᠢᠮ ᠶᠣᠰᠣᠭᠠᠷ᠂ ᠬᠠᠪᠰᠤᠷᠤᠨ ᠲᠡᠳᠬᠦᠬᠦ ᠡᠲᠡᠭᠡᠳ᠎ᠢ ᠬᠥᠮᠥᠨ ᠳ᠋ᠦ᠍ᠨᠢ ᠬᠦᠷᠲᠡᠯ᠎ᠡ ᠨᠠᠢᠳᠠᠪᠤᠷᠢᠵᠢᠭᠤᠯᠵᠤ᠂ ᠡᠷᠬᠢᠨ ᠦᠵᠡᠵᠦ ᠬᠠᠯᠠᠮᠵᠢᠯᠠᠬᠤ ᠦᠢᠯᠡᠴᠢᠯᠡᠭᠡᠨ᠎ᠦ ᠠᠵᠢᠯ᠎ᠢ ᠲᠥᠷᠥᠯ ᠬᠤᠪᠢᠶᠠᠨ ᠥᠷᠨᠢᠭᠦᠯᠦᠨ᠎ᠡ᠃ 11 ᠰᠠᠷ᠎ᠠ᠎ᠶᠢᠨ 3 ᠎ᠤ ᠡᠳᠦᠷ ᠪᠣᠯᠲᠠᠯ᠎ᠠ᠂ ᠪᠥᠬᠥ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠳ ᠣᠨᠴᠠ ᠬᠦᠴᠢᠷᠳᠡᠯᠲᠡᠢ ᠨᠠᠰᠤᠲᠠᠢᠴᠤᠳ᠎ᠢ ᠪᠠᠭᠲᠠᠭᠠᠭᠰᠠᠨ 4.9 ᠲᠦᠮᠡᠨ ᠬᠥᠮᠥᠨ ᠤᠳᠠᠭ᠎ᠠ᠎ᠶᠢ ᠡᠷᠬᠢᠨ ᠦᠵᠡᠵᠦ᠂ ᠣᠨᠴᠠᠭᠠᠢ ᠬᠦᠴᠢᠷᠳᠡᠯᠲᠡᠢ ᠨᠠᠰᠤᠲᠠᠢᠴᠤᠳ᠎ᠲᠤ ᠬᠠᠢᠷ᠎ᠠ ᠬᠠᠯᠠᠮᠵᠢ᠎ᠶᠢᠨ ᠦᠢᠯᠡᠴᠢᠯᠡᠭᠡ ᠬᠠᠩᠭᠠᠪᠠ᠃

ᠬᠢᠵᠢᠭ᠌᠎ᠦᠨ ᠨᠥᠯᠥᠭᠡ᠎ᠡᠴᠡ ᠪᠣᠯᠵᠤ ᠭᠡᠷ᠎ᠲᠡᠬᠡᠨ ᠲᠤᠰᠠᠭᠠᠷᠯᠠᠵᠤ ᠪᠠᠢᠭ᠎ᠠ ᠭᠠᠭᠴᠠᠭᠠᠷ ᠰᠠᠭᠤᠭ᠎ᠠ ᠣᠨᠴᠠᠭᠠᠢ ᠬᠦᠴᠢᠷᠳᠡᠯᠲᠡᠢ ᠨᠠᠰᠤᠲᠠᠢᠴᠤᠳ᠂ ᠭᠡᠷ ᠪᠦᠯᠢ᠎ᠶᠢᠨ ᠬᠢᠨ ᠨᠢ ᠬᠢᠵᠢᠭ᠌᠎ᠲᠠᠢ ᠲᠡᠮᠡᠴᠡᠬᠦ᠎ᠳᠦ ᠣᠷᠣᠯᠴᠠᠭᠰᠠᠨ ᠪᠤᠶᠤ ᠲᠤᠰᠠᠭᠠᠷᠯᠠᠵᠤ ᠭᠥᠯᠢᠶᠡᠨ ᠠᠪᠴᠤ ᠡᠮᠨᠡᠭᠦᠯᠦᠭᠰᠡᠨ᠎ᠡᠴᠡ ᠪᠣᠯᠵᠤ ᠠᠰᠠᠷᠠᠨ ᠬᠠᠷᠠᠭᠠᠯᠵᠠᠬᠤ ᠬᠥᠮᠥᠨ ᠦᠭᠡᠢ ᠨᠠᠰᠤᠲᠠᠢᠴᠤᠳ᠂ ᠬᠢᠵᠢᠭ᠌᠎ᠦᠨ ᠨᠥᠯᠥᠭᠡ᠎ᠡᠴᠡ ᠪᠣᠯᠵᠤ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠳᠤ ᠪᠤᠴᠠᠵᠤ ᠳᠡᠶ᠋ᠢᠯᠬᠦ ᠦᠭᠡᠢ ᠨᠠᠰᠤᠲᠠᠢᠴᠤᠳ ᠵᠡᠷᠭᠡ ᠣᠨᠴᠠᠭᠠᠢ ᠬᠦᠴᠢᠷᠳᠡᠯᠲᠡᠢ ᠨᠠᠰᠤᠲᠠᠢᠴᠤᠳ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ᠎ᠢᠶᠡᠨ ᠴᠢᠩᠭᠠᠷᠠᠭᠤᠯᠵᠤ᠂ ᠨᠠᠰᠤᠲᠠᠢᠴᠤᠳ᠎ᠤᠨ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠴᠢᠬᠤᠯᠠ ᠪᠦᠬᠦᠢ ᠨᠡᠢᠭᠡᠮ᠎ᠦᠨ ᠠᠪᠤᠷᠠᠨ ᠲᠤᠰᠠᠯᠠᠬᠤ᠂ ᠭᠡᠷ ᠲᠦ᠍ᠨᠢ ᠬᠦᠷᠴᠦ ᠦᠢᠯᠡᠴᠢᠯᠡᠬᠦ᠂ ᠠᠮᠢᠳᠤᠷᠠᠯ᠎ᠢ ᠨᠢ ᠬᠠᠷᠠᠭᠠᠯᠵᠠᠬᠤ ᠵᠡᠷᠭᠡ ᠦᠢᠯᠡᠴᠢᠯᠡᠭᠡ᠎ᠶᠢ ᠴᠢᠭᠯᠡᠭᠦᠯᠦᠯᠲᠦ ᠴᠢᠨᠠᠷᠲᠠᠢ᠎ᠪᠠᠷ ᠬᠠᠩᠭᠠᠵᠤ᠂ ᠣᠨᠴᠠ ᠬᠦᠴᠢᠷᠳᠡᠯᠲᠡᠢ ᠨᠠᠰᠤᠲᠠᠢᠴᠤᠳ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠰᠠᠭᠤᠷᠢ᠎ᠶᠢ ᠪᠠᠲᠤᠯᠠᠬᠤ ᠲᠣᠣᠷ᠎ᠢ ᠦᠨᠡᠨ ᠬᠦ᠌ ᠨᠢᠭ᠍ᠲᠠ ᠰᠦᠯᠵᠢᠬᠦ ᠬᠡᠷᠡᠭᠲᠡᠢ᠃

ᠬᠣᠰᠢᠭᠤ ᠰᠢᠶᠠᠨ ( ᠬᠣᠲᠠ᠂ ᠲᠣᠭᠣᠷᠢᠭ᠋ ) ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠢᠯᠤᠭᠣᠳᠴᠤ ᠪᠠᠢᠭᠠᠳ ᠲᠤᠬᠠᠢᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠬᠠᠷᠢᠭᠤᠴᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠡᠯ᠎ᠡ ᠲᠥᠷᠥᠯ᠎ᠦᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠂ ᠨᠡᠢᠭᠡᠮ᠎ᠦᠨ ᠵᠣᠬᠢᠶᠠᠨ ᠪᠠᠢᠭᠤᠯᠤᠯᠲᠠ᠂ ᠨᠡᠢᠭᠡᠮ ᠲᠣᠭᠣᠷᠢᠭ᠋᠎ᠤᠨ ᠠᠵᠢᠯᠲᠠᠨ᠂ ᠨᠡᠢᠭᠡᠮ᠎ᠦᠨ ᠠᠵᠢᠯᠲᠠᠨ᠂ ᠰᠠᠢᠨ ᠳᠤᠷᠠᠴᠤᠳ ᠵᠡᠷᠭᠡ ᠨᠡᠢᠭᠡᠮ᠎ᠦᠨ ᠬᠦᠴᠦᠨ᠎ᠦ ᠦᠢᠯᠡᠳᠦᠯ᠎ᠢᠶᠡᠨ ᠪᠠᠳᠠᠷᠠᠭᠤᠯᠬᠤ᠎ᠶᠢ ᠳᠠᠶ᠋ᠢᠴᠢᠯᠠᠨ ᠬᠥᠲᠥᠯᠥᠨ ᠵᠢᠯᠤᠭᠣᠳᠴᠤ᠂ ᠬᠢᠵᠢᠭ᠌᠎ᠦᠨ ᠪᠠᠢᠳᠠᠯ᠎ᠤᠨ ᠬᠤᠭᠤᠴᠠᠭᠠᠨ᠎ᠳᠠᠬᠢ ᠣᠨᠴᠠᠭᠠᠢ ᠬᠦᠴᠢᠷᠳᠡᠯᠲᠡᠢ ᠨᠠᠰᠤᠲᠠᠢᠴᠤᠳ᠎ᠢ ᠬᠠᠯᠠᠮᠵᠢᠯᠠᠨ ᠲᠤᠰᠠᠯᠠᠬᠤ ᠦᠢᠯᠡᠴᠢᠯᠡᠭᠡ᠎ᠳᠦ ᠣᠷᠤᠯᠴᠠᠬᠤ᠎ᠶᠢ ᠢᠳᠡᠪᠬᠢᠲᠡᠢ ᠳᠡᠮᠵᠢᠵᠦ᠂ ᠣᠨᠴᠠᠭᠠᠢ ᠬᠦᠴᠢᠷᠳᠡᠯᠲᠡᠢ ᠨᠠᠰᠤᠲᠠᠢᠴᠤᠳ᠎ᠢ ᠬᠠᠯᠠᠮᠵᠢᠯᠠᠨ ᠬᠠᠢᠷᠠᠯᠠᠬᠤ ᠨᠡᠢᠭᠡᠮ ᠳᠠᠶᠠᠭᠠᠷ᠎ᠤᠨ ᠠᠵᠢᠯ᠎ᠤᠨ ᠨᠡᠢᠯᠡᠮᠡᠯ ᠬᠦᠴᠦᠨ᠎ᠢ ᠨᠢᠭ᠍ᠲᠠᠷᠠᠭᠤᠯᠤᠨ᠎ᠠ᠃ ᠣᠳᠣᠬᠠᠨ ᠪᠣᠯᠲᠠᠯ᠎ᠠ ᠪᠥᠬᠥ ᠣᠷᠣᠨ᠎ᠤ ᠨᠡᠢᠭᠡᠮ᠎ᠦᠨ ᠠᠵᠢᠯ᠎ᠤᠨ ᠪᠠᠢᠭᠤᠯᠤᠮᠵᠢ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠵᠡᠷᠭᠡ 1043 ᠨᠡᠶ᠋ᠢᠲᠡ᠎ᠶᠢᠨ ᠠᠰᠠᠷᠠᠮᠵᠢ᠎ᠶᠢᠨ ᠵᠣᠬᠢᠶᠠᠨ ᠪᠠᠢᠭᠤᠯᠤᠯᠲᠠ᠂ ᠨᠡᠢᠭᠡᠮ᠎ᠦᠨ ᠠᠵᠢᠯᠲᠠᠨ᠂ ᠰᠠᠢᠨ ᠲᠤᠷᠠᠴᠤᠳ 51 ᠲᠦᠮᠡ ᠭᠠᠷᠤᠢ ᠬᠥᠮᠥᠨ ᠤᠳᠠᠭ᠎ᠠ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳᠤ ᠣᠷᠣᠯᠴᠠᠵᠤ᠂ ᠣᠨᠴᠠᠭᠠᠢ ᠬᠦᠴᠢᠷᠳᠡᠯᠲᠡᠢ ᠨᠠᠰᠤᠲᠠᠢᠴᠤᠳ ᠵᠡᠷᠭᠡ 850 ᠲᠦᠮᠡ ᠭᠠᠷᠤᠢ ᠬᠥᠮᠥᠨ ᠤᠳᠠᠭ᠎ᠠ ᠳ᠋ᠦ ᠦᠢᠯᠡᠴᠢᠯᠡᠭᠡ ᠬᠠᠩᠭᠠᠵᠠᠢ᠃

ᠢᠷᠡᠯᠳᠡ᠄ ᠲᠠᠯ᠎ᠠ ᠨᠤᠳᠤᠭ ᠪᠦᠷᠢᠨ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面