ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠥᠪᠥᠷ ᠮᠣᠩᠭᠣᠯ·ᠬᠠᠢᠷ᠎ᠠ ᠬᠠᠯᠠᠮᠵᠢ

2022-11-08 10:07:37

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠲᠥᠪ ᠡᠴᠡ ᠤᠢᠯᠠᠭᠠᠭᠰᠠᠨ ᠵᠢᠡᠷ᠂ 10 ᠰᠠᠷ᠎ᠠ᠎ᠳᠤ ᠮᠠᠨ᠎ᠤ ᠣᠷᠣᠨ ᠬᠢᠵᠢᠭ᠎ᠤᠨ ᠨᠦᠯᠦᠭᠡ ᠡᠴᠡ ᠪᠣᠯᠵᠣ ᠬᠦᠴᠢᠷᠳᠡᠯ᠎ᠳᠦ ᠲᠤᠯᠭᠠᠷᠠᠭ᠍ᠰᠠᠨ ᠣᠯᠠᠨ ᠲᠦᠮᠡᠨ᠎ᠢ ᠨᠡᠢᠳᠡ 1.54 ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠵᠠᠢ᠃ ᠡᠭᠦᠨ᠎ᠳᠦ᠂ 6272 ᠬᠥᠮᠦᠨ (ᠤᠳᠠᠭ᠎ᠠ) ᠳ᠋ᠤ 214.64 ᠲᠦᠮᠡᠨ ᠲᠥᠭᠥᠷᠢᠭ᠎ᠦᠨ ᠲᠦᠷ ᠴᠠᠭ᠎ᠤᠨ ᠠᠪᠤᠷᠠᠨ ᠲᠤᠰᠠᠯᠠᠬᠤ ᠮᠥᠩᠭᠥ᠌ ᠣᠯᠭᠣᠵᠤ᠂ 9128 ᠬᠥᠮᠦᠨ (ᠤᠳᠠᠭ᠎ᠠ) ᠎ᠢ 155.4 ᠲᠦᠮᠡᠨ ᠲᠥᠭᠥᠷᠢᠭ᠎ᠤᠨ ᠦᠷᠳᠡᠭ ᠪᠦᠬᠦᠢ ᠡᠳ᠋ ᠪᠣᠳᠠᠰ᠎ᠢᠶᠠᠷ ᠠᠪᠤᠷᠠᠨ ᠲᠤᠰᠠᠯᠠᠭᠰᠠᠨ ᠪᠠᠢᠨ᠎ᠠ᠃

9 ᠰᠠᠷ᠎ᠠ᠎ᠶ᠋ᠢᠨ 28 ᠎ᠤ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠪᠠᠷᠠᠭᠤᠨ ᠬᠣᠱᠢᠭᠤᠨ᠎ᠠᠴᠠ ᠬᠥᠬᠡᠬᠣᠲᠠ᠎ᠳᠤ ᠡᠪᠡᠳᠴᠢᠨ ᠦᠵᠡᠭᠦᠯᠬᠦ ᠪᠡᠷ ᠢᠷᠡᠭᠰᠡᠨ ᠴᠡᠴᠡᠭ᠎ᠦᠨ ᠨᠢᠭᠡ ᠬᠡᠷ᠎ᠦᠨ ᠭᠤᠷᠪᠠᠭᠤᠯᠠ ᠬᠢᠵᠢᠭ᠎ᠦᠨ ᠨᠥᠯᠥᠭᠡ᠎ᠡᠴᠡ ᠪᠣᠯᠵᠣ ᠬᠥᠬᠡᠬᠣᠲᠠ᠎ᠳᠤ ᠬᠠᠰᠢᠬᠳᠠᠬᠰᠡᠨ ᠪᠠᠢᠨ᠎ᠠ᠃ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠬᠦᠷᠳᠡᠵᠤ ᠪᠠᠢᠭ᠎ᠠ ᠲᠡᠳᠡ ᠶᠠᠭ ᠠᠵᠤ ᠠᠬᠤᠶ᠎ᠶ᠋ᠢᠨ ᠠᠰᠠᠭᠤᠳᠠᠯ ᠳ᠋ᠤ ᠰᠠᠨᠠᠭ᠎ᠠ ᠵᠣᠪᠠᠵᠤ ᠪᠠᠢᠬᠰᠠᠨ ᠦᠶ᠎ᠡ᠎ᠳᠦ ᠂ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠡᠴᠡ ᠬᠣᠭᠣᠯᠠ ᠤᠮᠳᠠ ᠂ ᠬᠣᠨᠣᠭ ᠪᠠᠭᠤᠳᠠᠯ᠎ᠤᠨ ᠨᠥᠬᠥᠪᠥᠷᠢ ᠤᠯᠭᠤᠭᠰᠨᠨ ᠪᠠᠢᠯ᠎ᠠ᠃ 《ᠵᠠᠰᠠᠭ᠎ᠤᠨ ᠣᠷᠳᠣᠨ ᠡᠴᠡ ᠮᠠᠨ᠎ᠤ ᠬᠡᠷ ᠪᠦᠯᠢ ᠵᠢᠨ ᠬᠢᠨ᠎ᠤ ᠲᠦᠷ ᠴᠠᠭ᠎ᠤᠨ ᠬᠦᠴᠢᠷᠳᠡᠯ ᠎ᠢ ᠱᠢᠢᠳᠪᠦᠷᠢᠯᠡᠵᠦ᠍ ᠥᠭ᠌ᠭᠦᠭ᠌ᠰᠡᠨ᠎ᠳᠦ ᠲᠠᠯᠠᠷᠬᠠᠵᠤ ᠪᠠᠢᠨ᠎ᠠ᠃ 10 ᠰᠠᠷ᠎ᠠ᠎ᠶ᠋ᠢᠨ 8 ᠎ᠠᠴᠠ ᠡᠬᠢᠯᠡᠨ ᠲᠤᠬᠠᠶ᠎ᠶ᠋ᠢᠨ ᠭᠠᠵᠠᠷ᠎ᠤᠨ ᠨᠡᠢᠭᠡᠮ ᠲᠣᠭᠣᠷᠢᠭ᠎ᠤᠨ ᠠᠵᠢᠯᠲᠠᠨ ᠡᠳᠦᠷ ᠪᠦᠷᠢ 150 ᠲᠥᠭᠥᠷᠢᠭ᠎ᠦᠨ ᠪᠠᠷᠢᠮᠵᠢᠶ᠎ᠠ᠎ᠪᠠᠷ ᠮᠠᠨ᠎ᠤ ᠨᠢᠭᠡ ᠭᠡᠷ᠎ᠦᠨ ᠭᠤᠷᠪᠠᠨ ᠬᠦᠮᠦᠨ ᠠᠮᠠ᠎ᠳᠦ ᠬᠣᠭᠣᠯᠠ ᠤᠮᠳᠠ ᠬᠦᠷᠭᠡᠬᠦ ᠵᠢᠨ ᠬᠠᠮᠳᠤ ᠪᠠᠰᠠ ᠰᠡᠳᠬᠢᠯ ᠰᠠᠨᠠᠭ᠎ᠠ ᠵᠢ ᠲᠠᠢᠳᠭᠤᠷᠠᠭᠤᠯᠵᠤ ᠂ ᠬᠣᠨᠣᠭ᠎ᠤᠨ ᠰᠦᠶ᠋ᠳᠭᠡᠯ ᠳ᠋ᠤ ᠴᠸ᠋ ᠲᠦᠷ ᠴᠠᠭ᠎ᠦᠨ ᠲᠤᠰᠠᠯᠠᠮᠵᠢ ᠥᠭ᠌ᠴᠠᠢ》 ᠭᠡᠵᠦ᠍ ᠴᠡᠴᠡᠭ ᠪᠠᠶᠠᠷᠯᠠᠨ ᠲᠠᠯᠠᠷᠬᠠᠵᠤ ᠪᠠᠢᠯ᠎ᠠ᠃

ᠣᠢᠯᠠᠭᠠᠭ᠍ᠰᠠᠨ᠎ᠢᠶᠠᠷ᠂ ᠮᠠᠨ᠎ᠤ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠪᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ ᠂ ᠬᠦᠴᠢᠷᠳᠡᠯᠲᠡᠶ ᠣᠯᠠᠨ ᠲᠦᠮᠡᠨ᠎ᠦ ᠬᠦᠴᠢᠷ ᠵᠣᠪᠠᠭᠤᠷᠢ᠎ᠶ᠋ᠢ ᠴᠠᠭ ᠲᠤᠬᠠᠢ ᠳ᠋ᠤᠨᠢ ᠴᠢᠷᠮᠠᠢᠨ ᠱᠢᠶ᠋ᠳᠪᠦᠷᠢᠯᠡᠵᠦ᠍ ᠥᠭ᠌ᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠲᠦᠷ ᠴᠠᠭ᠎ᠤᠨ ᠠᠪᠤᠷᠠᠨ ᠲᠤᠰᠠᠯᠠᠬᠤ ᠡᠷᠴᠢᠮ᠎ᠢᠶᠡᠨ ᠴᠢᠩᠭᠠᠷᠠᠭᠤᠯᠵᠤ ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠳ᠋ᠤ ᠬᠠᠪᠢᠳᠠᠬᠰᠠᠨ ᠬᠡᠷ ᠪᠦᠯᠢ ᠵᠡᠷᠭᠡ ᠣᠨᠴᠠ ᠬᠦᠴᠢᠷᠳᠡᠯᠲᠡᠶ ᠬᠥᠮᠦᠰ᠎ᠦᠨ ᠦᠨᠳᠦᠰᠦᠨ ᠠᠮᠢᠳᠤᠷᠠᠯ᠎ᠢ ᠠᠩᠬᠠᠷᠤᠨ ᠬᠠᠯᠠᠮᠵᠢᠯᠠᠵᠤ᠂ ᠬᠦᠴᠢᠷᠳᠡᠯᠲᠡᠶ ᠣᠯᠠᠨ ᠲᠦᠮᠡᠨ᠎ᠢ ᠵᠢᠭ᠍ᠰᠠᠭᠠᠨ ᠪᠠᠢᠴᠠᠭᠠᠬᠤ ᠡᠷᠴᠢᠮ᠎ᠢᠶᠡᠨ ᠴᠢᠩᠭᠠᠷᠠᠭᠤᠯᠤᠨ᠂ ᠳᠠᠭᠠᠳᠭᠠᠯ᠎ᠳᠤ ᠣᠷᠣᠯᠴᠠᠭ᠍ᠰᠠᠨ ᠥᠬᠡᠶ ᠠᠵᠢᠯ ᠠᠯᠳᠠᠭ᠍ᠰᠠᠳ᠂ ᠠᠮᠢᠳᠤᠷᠠᠯ᠎ᠨᠢ ᠬᠦᠴᠢᠷᠳᠡᠯᠲᠡᠶ ᠠᠵᠢᠯ ᠣᠯᠤᠭᠠᠳᠤᠶ ᠤᠶᠤᠲᠠᠳ᠎ᠢ ᠠᠪᠤᠷᠠᠨ ᠲᠤᠰᠠᠯᠠᠬᠤ ᠵᠡᠷᠭᠡ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠰᠠᠢᠲᠤᠷ ᠪᠠᠲᠤᠯᠠᠪᠠ᠃

ᠡᠨᠡ ᠵᠢᠯ᠎ᠦᠨ 10 ᠰᠠᠷ᠎ᠠ᠎ᠳᠤ᠂ ᠬᠥᠬᠡᠬᠣᠲᠠ ᠵᠢᠨ ᠬᠢᠨ ᠬᠢᠵᠢᠭ᠎ᠦᠨ ᠪᠠᠢᠳᠠᠯ᠎ᠠᠴᠠ ᠪᠣᠯᠵᠣ ᠬᠦᠴᠢᠷᠳᠡᠯ᠎ᠳᠦ ᠲᠤᠯᠭᠠᠷᠠᠭ᠍ᠰᠠᠨ ᠣᠯᠠᠨ ᠲᠦᠮᠡᠨ᠎ᠢ 8251 ᠬᠥᠮᠦᠨ ᠤᠳᠠᠭ᠎ᠠ ᠠᠪᠤᠷᠠᠨ ᠲᠤᠰᠠᠯᠠᠵᠤ᠂ 103.13 ᠲᠦᠮᠡᠨ ᠲᠥᠭᠥᠷᠢᠭ᠎ᠦᠨ ᠲᠦᠷ ᠴᠠᠭ᠎ᠤᠨ ᠠᠪᠤᠷᠠᠨ ᠲᠤᠰᠠᠯᠠᠬᠤ ᠪᠠᠯᠠ ᠮᠥᠩᠭᠥ᠌ ᠲᠠᠷᠬᠠᠭᠠᠵᠤ᠂ ᠠᠮᠤ ᠲᠣᠰᠣ ᠵᠡᠷᠭᠡ 32.81 ᠲᠦᠮᠡᠨ ᠲᠥᠭᠥᠷᠢᠭ᠎ᠦᠨ ᠥᠷᠲᠡᠭ ᠪᠥᠬᠥᠶ ᠲᠦᠷ ᠴᠠᠭ᠎ᠤᠨ ᠠᠮᠢᠳᠤᠷᠠᠯ᠎ᠤᠨ ᠡᠳ᠋ ᠪᠣᠳᠠᠰ ᠲᠠᠷᠬᠠᠭᠠᠪᠠ᠃ ᠡᠬᠦᠨ᠎ᠤ ᠬᠠᠮᠳᠤ᠂ ᠨᠡᠢᠭᠡᠮ᠎ᠦᠨ ᠬᠦᠴᠦᠨ ᠵᠢᠴᠢ ᠪᠤᠰᠤᠳ ᠠᠷᠭ᠎ᠠ ᠵᠠᠮ᠎ᠢᠶᠠᠷ ᠪᠠᠰᠠ 2097 ᠶᠠᠳᠠᠭᠤ ᠬᠦᠴᠢᠷᠳᠡᠯᠲᠡᠶ ᠬᠦᠮᠤᠨ (ᠤᠳᠠᠭ᠎ᠠ) ᠎ᠢ ᠠᠪᠤᠷᠠᠨ ᠲᠤᠰᠠᠯᠠᠭᠰᠠᠨ ᠪᠠᠢᠨ᠎ᠠ᠃ ᠣᠷᠳᠣᠰ ᠬᠣᠲᠠ ᠵᠢᠨ ᠬᠢᠨ ᠬᠢᠵᠢᠭ᠎ᠦᠨ ᠨᠥᠯᠥᠭᠡ᠎ᠡᠴᠡ ᠪᠣᠯᠵᠣ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯ᠎ᠢᠶᠠᠨ ᠰᠡᠷᠭᠦᠭᠡᠬᠦ᠌᠎ᠶ᠋ᠢᠨ ᠠᠷᠭ᠎ᠠ ᠥᠬᠡᠶ ᠂ 3 ᠰᠠᠷ᠎ᠠ ᠳᠠᠷᠠᠭᠠᠯᠠᠨ ᠣᠷᠣᠯᠭ᠎ᠠ ᠥᠬᠡᠶ ᠪᠠᠢᠬᠤ ᠂ ᠠᠮᠢᠳᠤᠷᠠᠯ᠎ᠨᠢ ᠬᠦᠴᠢᠷᠳᠡᠯᠲᠡᠶ ᠪᠠᠢᠬᠤ᠂ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠳ᠋ᠤ ᠬᠠᠮᠤᠷᠤᠭ᠍ᠳᠠᠭ᠍ᠰᠠᠨ ᠥᠬᠡᠶ ᠬᠥᠯᠥᠰᠥᠨ ᠠᠵᠢᠯᠴᠢᠨ ᠵᠡᠷᠭᠡ ᠳ᠋ᠤ ᠨᠢᠭᠡ ᠤᠳᠠᠭ᠎ᠠ᠎ᠶ᠋ᠢᠨ ᠴᠢᠨᠠᠷᠲᠠᠶ ᠲᠦᠷ ᠴᠠᠭ᠎ᠤᠨ ᠠᠪᠤᠷᠠᠨ ᠲᠤᠰᠠᠯᠠᠯᠲᠡ ᠤᠯᠭᠤᠪᠠ᠃ ᠤᠯᠠᠭᠠᠨᠬᠠᠳᠠ ᠬᠣᠲᠠ ᠬᠢᠵᠢᠭ᠎ᠤᠨ ᠪᠠᠢᠳᠠᠯ ᠡᠴᠡ ᠪᠣᠯᠵᠣ ᠬᠦᠴᠢᠷᠳᠡᠯ ᠳ᠋ᠤ ᠲᠤᠯᠭᠠᠷᠠᠭᠰᠠᠨ 3703 ᠬᠥᠮᠦᠨ (ᠤᠳᠠᠭ᠎ᠠ) ᠎ᠢ 91.94 ᠲᠦᠮᠡᠨ ᠲᠥᠭᠥᠷᠢᠭ᠎ᠦᠨ ᠪᠠᠯᠠ ᠮᠥᠩᠭᠥ᠌ ᠪᠡᠷ ᠠᠪᠤᠷᠠᠨ ᠲᠤᠰᠠᠯᠠᠵᠤ᠂ ᠪᠤᠭᠤᠲᠤ ᠬᠣᠲᠠ ᠬᠢᠵᠢᠭ᠎ᠦᠨ ᠨᠥᠯᠥᠭᠡ᠎ᠡᠴᠡ ᠪᠣᠯᠵᠣ ᠦᠨᠳᠦᠰᠦᠨ ᠠᠮᠢᠳᠤᠷᠠᠯ᠎ᠨᠢ ᠬᠦᠴᠢᠷᠳᠡᠯ᠎ᠳᠦ ᠲᠤᠯᠭᠠᠷᠠᠭ᠍ᠰᠠᠨ 2670 ᠬᠦᠮᠦᠨ ᠳ᠋ᠤ 45.3 ᠲᠦᠮᠡᠨ ᠲᠥᠭᠥᠷᠢᠭ᠎ᠤᠨ ᠲᠦᠷ ᠴᠠᠭ ᠎ᠤᠨ ᠠᠪᠤᠷᠠᠨ ᠲᠤᠰᠠᠯᠠᠮᠵᠢ ᠬᠠᠩᠭᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面