ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-04-16 14:39:09

ᠵᠣᠬᠢᠶᠠᠭ᠍ᠴᠢ᠄ ᠵᠠᠩ ᠸᠸᠨ ᠴᠢᠶᠠᠩ ᠣᠩᠱᠢᠭ᠍ᠰᠠᠨ ᠣᠳᠠᠭ᠎ᠠ᠄ 3

︽ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠬᠤ᠎ᠶᠢ ᠰᠡᠷᠭᠡᠶᠢᠯᠡᠨ ᠡᠵᠡᠮᠳᠡᠬᠦ ᠬᠠᠮᠤᠭ᠎ᠤᠨ ᠪᠦᠲᠦᠮᠵᠢᠲᠡᠶ ᠠᠷᠭ᠎ᠠ ᠬᠡᠮᠵᠢᠶ᠎ᠡ ᠮᠦᠨ ᠂ ᠮᠦᠨ ᠴᠤ ᠬᠠᠮᠤᠭ᠎ᠤᠨ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠮᠥᠨ ︾ ᠭᠡᠵᠤ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠰᠡᠷᠭᠡᠶᠢᠯᠡᠨ ᠡᠵᠡᠮᠳᠡᠬᠦ ᠬᠣᠶᠠᠳᠤᠭᠠᠷ ᠭᠠᠵᠠᠷ᠎ᠤᠨ ᠳᠡᠳ᠋ ᠳᠠᠷᠤᠭ᠎ᠠ ᠶᠠᠨ ᠱᠤᠤ ᠬᠣᠩ ᠢᠯᠡᠷᠬᠡᠶᠢᠯᠡᠪᠡ ᠃ ᠳᠡᠯᠡᠬᠡᠢ᠎ᠶᠢᠨ ᠬᠢᠵᠢᠭ᠎ᠤᠨ ᠪᠠᠶᠢᠳᠠᠯ ᠵᠢᠴᠢ ᠬᠠᠯᠳᠠᠪᠤᠷᠢᠲᠤ ᠡᠪᠡᠳᠴᠢᠨ᠎ᠢ ᠰᠡᠷᠭᠡᠶᠢᠯᠡᠨ ᠡᠵᠡᠮᠳᠡᠬᠦ ᠲᠤᠷᠰᠢᠯᠭ᠎ᠠ᠎ᠶᠢ ᠦᠨᠳᠦᠰᠦᠯᠡᠨ ᠂ ᠸᠠᠺᠼᠢᠨ᠎ᠤ ᠲᠠᠷᠢᠯᠭ᠎ᠠ᠎ᠶᠢ ᠲᠦᠷᠭᠡᠳᠬᠡᠬᠦ ᠪᠣᠯ ᠣᠳᠣᠬᠠᠨ᠎ᠤ ᠬᠢᠵᠢᠭ᠎ᠢ ᠰᠡᠷᠭᠡᠶᠢᠯᠡᠨ ᠡᠵᠡᠮᠳᠡᠬᠦ ᠬᠦᠴᠦᠲᠡᠶ ᠠᠷᠭ᠎ᠠ ᠪᠠᠷᠢᠯ ᠮᠥᠨ ᠃

︽ ᠮᠠᠨ᠎ᠤ ᠤᠯᠤᠰ᠎ᠤᠨ ᠵᠣᠩᠬᠢᠯᠠᠬᠤ ᠤᠯᠠᠨ ᠬᠥᠮᠦᠨ ᠰᠢᠨ᠎ᠡ ᠲᠢᠲᠢᠮᠯᠢᠭ ᠸᠢᠷᠦ᠋ᠰ᠎ᠲᠤ ᠬᠠᠨᠳᠤᠬᠰᠠᠨ ᠦᠯᠦ ᠬᠠᠯᠳᠠᠭᠠᠬᠤ ᠴᠢᠳᠠᠪᠤᠷᠢ ᠦᠬᠡᠢ ᠂ ᠰᠢᠨ᠎ᠡ ᠲᠢᠲᠢᠮᠯᠢᠭ ᠸᠢᠷᠦ᠋ᠰ᠎ᠲᠤ ᠠᠮᠠᠷᠬᠠᠨ ᠬᠠᠯᠳᠠᠪᠤᠷᠢᠯᠠᠭᠳᠠᠳᠠᠭ ᠃ ᠬᠠᠯᠳᠠᠪᠤᠷᠢᠯᠠᠵᠤ ᠡᠪᠡᠳᠴᠢᠯᠡᠭᠰᠡᠨ᠎ᠤ ᠳᠠᠷᠠᠭ᠎ᠠ ᠵᠠᠷᠢᠮ ᠬᠥᠮᠦᠨ ᠪᠠᠰᠠ ᠬᠦᠨᠳᠦ ᠲᠦᠭᠰᠢᠭᠦᠷᠢᠲᠡᠢ ᠡᠪᠡᠳᠴᠢᠯᠡᠵᠤ ᠂ ᠴᠢᠨᠠᠭᠰᠢᠯᠠᠪᠠᠯ ᠦᠬᠦᠬᠦ ᠠᠶᠤᠯ᠎ᠲᠠᠢ ᠪᠣᠯᠳᠠᠭ ᠃ ᠸᠠᠺᠼᠢᠨ᠎ᠤ ᠲᠠᠷᠢᠯᠭ᠎ᠠ ᠲᠠᠷᠢᠭᠰᠠᠨ᠎ᠤ ᠳᠠᠷᠠᠭ᠎ᠠ ᠂ ᠨᠢᠭᠡ ᠲᠠᠯ᠎ᠠ᠎ᠪᠠᠷ ᠣᠯᠠᠩᠬᠢ ᠬᠥᠮᠦᠰ ᠡᠭᠡᠯᠢᠯᠡᠭᠡ᠎ᠶᠢᠨ ᠴᠢᠳᠠᠪᠤᠷᠢ ᠡᠬᠦᠰᠴᠤ ᠂ ᠡᠪᠡᠳᠴᠢᠨ ᠡᠭᠦᠰᠬᠦ ᠂ ᠬᠦᠨᠳᠦ ᠡᠪᠡᠳᠴᠢᠨ ᠤᠯᠬᠤ ᠪᠠ ᠥᠭᠦᠬᠦ ᠲᠦᠭᠰᠢᠭᠦᠷᠢ᠎ᠶᠢ ᠪᠦᠲᠦᠮᠵᠢᠲᠡᠶ ᠪᠠᠭᠤᠷᠠᠭᠤᠯᠵᠤ ᠪᠣᠯᠤᠨ᠎ᠠ ︔ ᠨᠥᠭᠥᠭᠡ ᠲᠠᠯ᠎ᠠ᠎ᠪᠠᠷ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠡᠮᠬᠢ ᠵᠢᠷᠤᠮ᠎ᠲᠠᠢ᠎ᠪᠠᠷ ᠳᠠᠷᠢᠬᠤ᠎ᠪᠠᠷ ᠳᠡᠮᠵᠢᠨ ᠂ ᠬᠥᠮᠦᠰ᠎ᠤᠨ ᠳᠤᠮᠳᠠ ᠡᠭᠡᠯᠢᠯᠡᠭᠡ᠎ᠶᠢᠨ ᠬᠠᠯᠬᠠᠪᠴᠢ᠎ᠶᠢ ᠠᠯᠬᠤᠮ ᠠᠯᠬᠤᠮ᠎ᠢᠶᠠᠷ ᠪᠠᠶᠢᠭᠤᠯᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠳᠡᠯᠭᠡᠷᠡᠬᠦ᠎ᠶᠢ ᠬᠣᠷᠢᠭᠯᠠᠵᠤ ᠂ ᠮᠠᠨ᠎ᠤ ᠤᠯᠤᠰ᠎ᠤᠨ ᠨᠡᠶᠢᠭᠡᠮ ᠠᠵᠤ ᠠᠬᠤᠶ ᠂ ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠪ᠎ᠤᠨ ᠡᠷᠭᠢᠯᠲᠡ᠎ᠶᠢ ᠲᠦᠷᠭᠡᠬᠡᠨ ᠰᠡᠷᠭᠦᠭᠡᠵᠦ ᠪᠣᠯᠤᠨ᠎ᠠ ︾ ᠭᠡᠵᠦ ᠶᠠᠨ ᠱᠤᠤ ᠬᠣᠩ ᠬᠡᠯᠡᠨ᠎ᠡ ᠃

ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠨᠢ ᠬᠥᠮᠦᠨ᠎ᠤ ᠪᠡᠶ᠎ᠡ᠎ᠳ᠋ᠤ ᠬᠡᠷᠬᠢᠨ ᠦᠢᠯᠡᠳᠦᠯ ᠦᠵᠡᠭᠦᠯᠵᠦ ᠪᠠᠶᠢᠬᠤ ᠪᠣᠶ ︖ ᠸᠠᠺᠼᠢᠨ᠎ᠤ ᠲᠠᠷᠢᠯᠭ᠎ᠠ ᠲᠠᠷᠢᠭᠰᠠᠨ᠎ᠤ ᠳᠠᠷᠠᠭ᠎ᠠ ᠬᠥᠮᠦᠨ᠎ᠤ ᠪᠡᠶ᠎ᠡ᠎ᠳ᠋ᠤ ᠬᠠᠮᠠᠭᠠᠯᠠᠬᠤ ᠴᠢᠨᠠᠷᠲᠠᠶ ᠠᠨᠲ᠋ᠢᠪᠤᠳᠢ ᠡᠭᠦᠰᠴᠦ ᠂ ᠵᠠᠷᠢᠮ ᠸᠠᠺᠼᠢᠨ᠎ᠨᠢ ᠪᠠᠰᠠ ᠬᠥᠮᠦᠨ᠎ᠤ ᠪᠡᠶ᠎ᠡ᠎ᠳ᠋ᠤ ᠡᠰ᠎ᠤᠨ ᠡᠭᠡᠯᠢᠯᠡᠭᠡ ᠡᠭᠦᠰᠭᠡᠵᠦ ᠂ ᠵᠣᠬᠢᠬᠤ ᠡᠭᠡᠯᠢᠯᠡᠭᠡ᠎ᠶᠢᠨ ᠴᠡᠭᠡᠵᠢᠯᠡᠬᠦᠢ᠎ᠶᠢ ᠪᠣᠶ ᠪᠣᠯᠭᠠᠳᠠᠭ ᠃ ᠡᠢᠨ ᠬᠦ ᠬᠥᠮᠦᠨ᠎ᠤ ᠪᠡᠶ᠎ᠡ ᠡᠪᠡᠳᠴᠢᠨ᠎ᠢ ᠡᠰᠡᠷᠭᠦᠴᠡᠬᠦ ᠡᠭᠡᠯᠢᠯᠡᠬᠦ ᠴᠢᠳᠠᠪᠤᠷᠢ᠎ᠲᠠᠢ ᠪᠣᠯᠤᠨ᠎ᠠ ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠥᠮᠦᠨ᠎ᠤ ᠪᠡᠶ᠎ᠡ᠎ᠳ᠋ᠤ ᠬᠠᠯᠳᠠᠪᠤᠷᠢᠯᠠᠪᠠᠯ ᠂ ᠸᠠᠺᠼᠢᠨ᠎ᠡᠴᠠ ᠡᠭᠦᠰᠦᠭᠰᠡᠨ ᠠᠨᠲ᠋ᠢᠪᠤᠳᠢ ᠂ ᠡᠰ᠎ᠤᠨ ᠡᠭᠡᠯᠢᠯᠡᠭᠡ᠎ᠶᠢᠨ ᠭᠠᠷᠭᠠᠭᠰᠠᠨ ᠡᠰ᠎ᠤᠨ ᠡᠯᠧᠮᠧᠨ᠋ᠲ᠎ᠢ ᠢᠯᠭᠠᠨ ᠲᠠᠨᠢᠵᠤ ᠂ ᠸᠢᠷᠦ᠋ᠰ᠎ᠢ ᠰᠠᠭᠠᠷᠮᠠᠭᠵᠢᠭᠤᠯᠬᠤ ᠪᠤᠶᠤ ᠤᠰᠠᠳᠬᠠᠵᠤ ᠪᠣᠯᠤᠨ᠎ᠠ ᠃ ᠡᠭᠡᠯᠢᠯᠡᠭᠡ᠎ᠶᠢᠨ ᠴᠡᠭᠡᠵᠢᠯᠡᠬᠦᠶ᠎ᠨᠢ ᠪᠠᠰᠠ ᠡᠭᠡᠯᠢᠯᠡᠭᠡ᠎ᠶᠢᠨ ᠰᠢᠰᠲ᠋ᠧᠮ᠎ᠤᠨ ᠦᠶᠯᠡᠳᠦᠯ᠎ᠢ ᠮᠠᠰᠢ ᠲᠦᠷᠭᠡᠨ ᠳᠠᠶᠢᠴᠢᠯᠠᠵᠤ ᠂ ᠸᠢᠷᠦ᠋ᠰ᠎ᠢ ᠪᠡᠶ᠎ᠡ ᠳᠣᠲᠣᠷ᠎ᠠ ᠦᠷᠭᠦᠯᠵᠢᠯᠡᠨ ᠦᠷᠡᠵᠢᠭᠦ᠎ᠶᠢᠨ ᠠᠷᠭ᠎ᠠ ᠦᠭᠡᠢ ᠪᠣᠯᠭᠠᠵᠤ ᠂ ᠡᠭᠦᠨ᠎ᠤ ᠤᠯᠠᠮ᠎ᠡᠴᠠ ᠡᠪᠡᠳᠴᠢᠨ᠎ᠢ ᠤᠷᠢᠳᠴᠢᠯᠠᠨ ᠰᠡᠷᠭᠡᠶᠢᠯᠡᠬᠦ ᠵᠣᠷᠢᠯᠭ᠎ᠠ᠎ᠳ᠋ᠤ ᠬᠦᠷᠳᠡᠭ ᠭᠡᠵᠤ ᠶᠠᠨ ᠱᠤᠤ ᠬᠣᠩ ᠳᠠᠨᠢᠯᠴᠠᠭᠤᠯᠪᠠ ᠃

ᠶᠠᠨ ᠱᠤᠤ ᠬᠣᠩ ᠂ 60 ᠨᠠᠰᠤ ᠵᠢᠴᠢ 60 ᠨᠠᠰᠤᠨ᠎ᠡᠴᠠ ᠳᠡᠭᠡᠭᠰᠢᠬᠢ ᠬᠥᠮᠦᠰ ᠪᠣᠯ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠨ᠎ᠤ ᠳᠠᠷᠠᠭᠠᠬᠢ ᠬᠦᠨᠳᠦ ᠡᠪᠡᠳᠴᠢᠲᠡᠨ ᠪᠤᠯᠵᠤ ᠂ ᠠᠶᠤᠯ ᠲᠦᠭᠰᠢᠭᠦᠷᠢ ᠶᠡᠬᠡᠲᠡᠢ ᠬᠥᠮᠦᠰ ᠪᠤᠯᠳᠠᠭ ᠃ ᠡᠮᠴᠢᠯᠡᠭᠡᠨ᠎ᠤ ᠰᠤᠳᠤᠯᠭᠠᠨ᠎ᠤ ᠲᠣᠭ᠎ᠠ ᠪᠠᠷᠢᠮᠲᠠ᠎ᠳ᠋ᠤ ᠢᠯᠡᠷᠡᠭᠦᠯᠦᠭᠰᠡᠨ᠎ᠢᠶᠠᠷ ᠂ ᠲᠣᠰ ᠪᠦᠯᠦᠭ ᠬᠥᠮᠦᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠮᠤᠷ ᠲᠦᠪᠰᠢᠨ ᠴᠢᠨᠠᠷ᠎ᠨᠢ ᠨᠡᠯᠢᠶᠡᠳ ᠰᠠᠶᠢᠨ ᠪᠠᠶᠢᠵᠤ ᠂ 18  59 ᠨᠠᠰᠤᠨ᠎ᠤ ᠬᠥᠮᠦᠰ᠎ᠲᠠᠢ ᠬᠠᠷᠢᠴᠠᠭᠤᠯᠪᠠᠯ ᠂ ᠲᠠᠷᠢᠯᠭ᠎ᠠ ᠲᠠᠷᠢᠭᠰᠠᠨ᠎ᠤ ᠳᠠᠷᠠᠭ᠎ᠠ ᠰᠠᠭᠠᠷᠮᠠᠭᠵᠢᠭᠰᠠᠨ ᠠᠨᠲ᠋ᠢᠪᠤᠳᠢ᠎ᠶᠢᠨ ᠬᠡᠮᠵᠢᠶ᠎ᠡ᠎ᠨᠢ ᠵᠢᠭᠠᠬᠠᠨ ᠳᠤᠤᠷ᠎ᠠ ᠪᠣᠯᠪᠠᠴᠤ ᠰᠠᠭᠠᠷᠮᠠᠭᠵᠢᠭᠰᠠᠨ ᠠᠨᠲ᠋ᠢᠪᠤᠳᠢ᠎ᠶᠢᠨ ᠠᠷᠭ᠎ᠠ ᠡᠷᠬᠢᠮᠵᠢ᠎ᠨᠢ ᠠᠳᠠᠯᠢᠪᠲᠤᠷ ᠪᠠᠶᠢᠵᠤ ᠂ 60 ᠨᠠᠰᠤᠨ᠎ᠡᠴᠠ ᠳᠡᠭᠡᠭᠰᠢᠬᠢ ᠬᠥᠮᠦᠰ᠎ᠲᠤ ᠪᠠᠰᠠ ᠵᠣᠬᠢᠬᠤ ᠬᠡᠮᠵᠢᠶᠡᠨ᠎ᠤ ᠬᠠᠮᠠᠭᠠᠯᠠᠬᠤ ᠦᠶᠯᠡᠳᠦᠯ ᠦᠵᠡᠭᠦᠯᠬᠦ᠎ᠶᠢ ᠬᠡᠷᠡᠴᠢᠯᠡᠵᠤ ᠪᠤᠢ ᠂ ᠡᠢᠮᠦ᠎ᠡᠴᠠ ᠡᠳᠡᠭᠡᠷ ᠬᠦᠮᠦᠰ᠎ᠲᠤ ᠲᠠᠷᠢᠯᠭ᠎ᠠ ᠲᠠᠷᠢᠬᠤ᠎ᠶᠢ ᠰᠠᠨᠠᠭᠤᠯᠵᠤ ᠪᠠᠶᠢᠨ᠎ᠠ ᠭᠡᠵᠤ ᠶᠠᠨ ᠱᠤᠤ ᠬᠣᠩ ᠢᠯᠡᠷᠬᠡᠢᠯᠡᠪᠡ ᠃

︽ ᠨᠠᠰᠤᠲᠠᠶᠢᠴᠤᠳ᠎ᠤᠨ ᠰᠠᠭᠤᠷᠢ ᠴᠢᠨᠠᠷᠲᠠᠶ ᠡᠪᠡᠳᠴᠢᠨ ᠪᠠᠢᠬᠤ ᠬᠠᠷᠢᠴᠠᠯ᠎ᠨᠢ ᠨᠡᠯᠢᠶᠡᠳ ᠶᠡᠬᠡ ᠪᠣᠯᠪᠠᠴᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶᠢᠯᠡᠬᠦ᠎ᠳ᠋ᠤ ᠬᠠᠮᠠᠭᠠᠯᠠᠬᠤ ᠴᠢᠬᠤᠯᠠᠲᠠᠶ ᠭᠤᠤᠯᠳᠠᠯᠭ᠎ᠠ᠎ᠲᠠᠢ ᠬᠥᠮᠦᠰ ᠪᠣᠯᠤᠨ᠎ᠠ ᠂ ᠡᠶᠢᠮᠦ᠎ᠡᠴᠠ ᠸᠠᠺᠼᠢᠨ ᠳᠠᠷᠢᠬᠤ ᠶᠠᠪᠤᠴᠠ᠎ᠳ᠋ᠤ ᠣᠨᠴᠠᠭᠠᠶᠢᠯᠠᠨ ᠠᠩᠬᠠᠷᠬᠤ ᠬᠡᠷᠡᠭᠲᠡᠶ ︾ ᠃ ᠰᠠᠭᠤᠷᠢ ᠴᠢᠨᠠᠷᠲᠠᠶ ᠡᠪᠡᠳᠴᠢᠨ᠎ᠲᠠᠢ ᠨᠠᠰᠤᠲᠠᠶᠢᠴᠤᠳ᠎ᠤᠨ ᠰᠠᠭᠤᠷᠢ ᠴᠢᠨᠠᠷᠲᠠᠶ ᠡᠪᠡᠳᠴᠢᠨ᠎ᠢ ᠡᠮ ᠲᠠᠩ ᠵᠡᠷᠭᠡ ᠡᠩ᠎ᠤᠨ ᠡᠮᠴᠢᠯᠡᠭᠡ᠎ᠪᠠᠷ ᠨᠢᠭᠡᠨᠲᠡ ᠮᠠᠰᠢ ᠰᠠᠶᠢᠨ ᠬᠢᠵᠠᠭᠠᠷᠯᠠᠵᠤ ᠴᠢᠳᠠᠭᠰᠠᠨ ᠪᠠᠶᠢᠪᠠᠯ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠳᠠᠷᠢᠵᠤ ᠪᠣᠯᠤᠨ᠎ᠠ ︔ ᠬᠡᠷᠪᠡ ᠰᠠᠭᠤᠷᠢ ᠴᠢᠨᠠᠷᠲᠠᠶ ᠡᠪᠡᠳᠴᠢᠨ᠎ᠨᠢ ᠶᠠᠭ ᠲᠦᠷᠭᠡᠨ ᠴᠢᠨᠠᠷᠲᠠᠶ ᠬᠥᠳᠡᠯᠬᠦ ᠬᠤᠭᠤᠴᠠᠭᠠᠨ᠎ᠳ᠋ᠤ ᠪᠠᠶᠢᠪᠠᠯ ᠂ ᠡᠮᠴᠢ᠎ᠶᠢᠨ ᠰᠠᠨᠠᠭᠤᠯᠭ᠎ᠠ᠎ᠶᠢ ᠦᠨᠳᠦᠰᠦᠯᠡᠨ ᠲᠠᠷᠢᠯᠭ᠎ᠠ ᠲᠠᠷᠢᠬᠤ᠎ᠶᠢ ᠬᠣᠶᠢᠰᠢᠯᠠᠭᠤᠯᠬᠤ᠎ᠶᠢ ᠪᠣᠳᠣᠯᠬᠢᠯᠠᠬᠤ ᠬᠡᠷᠡᠭᠳᠡᠢ ᠭᠡᠵᠤ ᠶᠠᠨ ᠱᠤᠤ ᠬᠣᠩ ᠴᠢᠬᠤᠯᠠᠴᠢᠯᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄ ᠦᠷᠴᠠᠢᠬᠤ

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面