ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-04-17 14:00:54

ᠵᠣᠬᠢᠶᠠᠭ᠍ᠴᠢ᠄ ᠪᠤᠤ ᠥᠷᠭᠡᠨ ᠣᠩᠱᠢᠭ᠍ᠰᠠᠨ ᠣᠳᠠᠭ᠎ᠠ᠄ 3

4 ᠰᠠᠷ᠎ᠠ᠎ᠶᠢᠨ 15᠎ᠤ ᠡᠳᠤᠷ ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠳᠡᠳ᠋ ᠡᠷᠬᠢᠯᠡᠭᠴᠢ ᠹᠦ᠋ ᠷᠦᠢ ᠹᠸᠩ ᠪᠥᠬᠥ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠪᠠᠶᠢᠳᠠᠯ᠎ᠢ ᠲᠠᠨᠢᠯᠴᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠳᠡᠳ᠋ ᠳᠠᠷᠤᠭ᠎ᠠ ᠬᠥᠭᠵᠢᠬᠦ ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠳᠠᠮᠵᠢᠭᠤᠯᠤᠨ ᠰᠡᠷᠭᠡᠶᠢᠯᠡᠬᠦ ᠬᠣᠶᠠᠳᠤᠭᠠᠷ ᠭᠠᠵᠠᠷ᠎ᠤᠨ ᠳᠡᠳ᠋ ᠳᠠᠷᠤᠭ᠎ᠠ ᠶᠠᠨ ᠱᠤᠤ ᠬᠣᠩ ᠰᠣᠨᠢᠨ ᠮᠡᠳᠡᠭᠡ ᠨᠡᠶᠢᠲᠡᠯᠡᠬᠦ ᠬᠤᠷᠠᠯ᠎ᠳ᠋ᠤ ᠣᠷᠣᠯᠴᠠᠭᠰᠠᠨ ᠪᠥᠭᠡᠳ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ ᠃

ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ᠎ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠡᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠤᠳᠤᠷᠢᠳᠬᠤ ᠳᠤᠭᠤᠶᠢᠯᠠᠩ ᠪᠠᠶᠢᠭᠤᠯᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠲᠠᠷᠬᠠᠭᠠᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠮᠡᠳᠡᠭᠳᠡᠯ᠎ᠢ ᠱᠠᠲᠤ ᠳᠠᠷᠠᠭᠠᠯᠠᠨ ᠠᠬᠢᠭᠤᠯᠵᠤ ᠂ ᠪᠥᠬᠥ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠲᠧᠯᠸᠢᠰ ᠤᠲᠠᠰᠤ ᠬᠤᠷᠠᠯ᠎ᠢ ᠴᠠᠭ ᠲᠤᠬᠠᠶ᠎ᠳ᠋ᠤᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠪᠥᠬᠥ ᠣᠷᠣᠨ᠎ᠤ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠪᠥᠬᠥ ᠲᠠᠯ᠎ᠠ᠎ᠪᠠᠷ ᠪᠠᠶᠢᠷᠢᠯᠠᠭᠤᠯᠪᠠ ᠃

ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ ᠲᠣᠭᠲᠠᠭᠰᠠᠨ ᠬᠤᠭᠤᠴᠠᠭ᠎ᠠ ᠶᠣᠰᠣᠭᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠠᠵᠢᠯ᠎ᠤᠨ ᠤᠳᠤᠷᠢᠳᠬᠤ ᠳᠤᠭᠤᠶᠢᠯᠠᠩ᠎ᠤᠨ ᠲᠣᠬᠢᠷᠠᠭᠤᠯᠤᠯᠲᠠ᠎ᠶᠢᠨ ᠬᠤᠷᠠᠯ ᠬᠤᠷᠠᠯᠳᠤᠭᠤᠯᠬᠤ᠎ᠶᠢᠨ ᠬᠠᠮᠲᠤ ᠪᠠᠶᠢᠩᠭᠤᠵᠢᠭᠤᠯᠬᠤ ᠲᠣᠬᠢᠷᠠᠭᠤᠯᠤᠯᠲᠠ᠎ᠶᠢᠨ ᠲᠣᠭᠲᠠᠴᠠ ᠂ ᠲᠠᠩᠰᠠ ᠡᠪᠭᠡᠮᠡᠯ᠎ᠤᠨ ᠬᠠᠮᠢᠶᠠᠷᠤᠯᠲᠠ᠎ᠶᠢᠨ ᠲᠣᠭᠲᠠᠴᠠ ᠂ ᠬᠢᠨᠠᠨ ᠵᠢᠯᠣᠭᠣᠳᠴᠤ ᠪᠠᠶᠢᠴᠠᠭᠠᠬᠤ ᠲᠣᠭᠲᠠᠴᠠ᠎ᠶᠢ ᠪᠠᠶᠢᠭᠤᠯᠪᠠ ᠃ ᠡᠯ᠎ᠡ ᠭᠠᠵᠠᠷ᠎ᠤᠨ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠨᠠᠷᠢᠨ ᠨᠢᠮᠪᠠᠶ ᠲᠣᠬᠢᠷᠠᠭᠤᠯᠤᠨ ᠂ ᠢᠳᠡᠪᠬᠢᠲᠡᠶ ᠵᠣᠬᠢᠶᠠᠨ ᠪᠠᠶᠢᠭᠤᠯᠤᠨ ᠳᠠᠶᠢᠴᠢᠯᠠᠵᠤ ᠂ ᠬᠠᠷᠢᠶ᠎ᠠ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠪᠥᠬᠥ ᠬᠦᠴᠦᠨ᠎ᠢᠶᠠᠷ᠎ᠢᠶᠡᠨ ᠠᠬᠢᠭᠤᠯᠪᠠ ᠃

ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠥᠷᠨᠢᠭᠦᠯᠦᠭᠰᠡᠨ᠎ᠡᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠴᠡᠭ ᠪᠠᠶᠢᠷᠢ᠎ᠶᠢᠨ ᠶᠣᠰᠣᠭᠠᠷ ᠲᠠᠷᠢᠯᠭ᠎ᠠ᠎ᠶᠢᠨ ᠲᠣᠬᠢᠷᠠᠭᠤᠯᠤᠯᠲᠠ᠎ᠶᠢ ᠰᠢᠨᠵᠢᠯᠡᠬᠦ ᠤᠬᠠᠭᠠᠨᠴᠢ ᠂ ᠨᠠᠷᠢᠯᠢᠭ ᠣᠨᠣᠪᠴᠢᠲᠠᠶ ᠵᠤᠬᠢᠶᠠᠨ ᠪᠠᠢᠭᠤᠯᠵᠤ ᠂ ᠡᠩᠨᠡᠭᠡ᠎ᠨᠢ ᠲᠤᠰᠬᠠᠶᠢᠵᠢᠬᠰᠠᠨ ᠂ ᠲᠠᠷᠢᠯᠭ᠎ᠠ᠎ᠶᠢᠨ ᠪᠥᠬᠥ ᠶᠠᠪᠤᠴᠠ᠎ᠶᠢ ᠮᠡᠳᠡᠭᠡ ᠵᠠᠩᠭᠢᠵᠢᠭᠤᠯᠤᠭᠰᠠᠨ ᠵᠠᠷᠴᠢᠮ ᠶᠣᠰᠣᠭᠠᠷ ᠂ ᠲᠦᠷ ᠴᠠᠭ᠎ᠤᠨ ᠲᠠᠷᠢᠯᠭ᠎ᠠ᠎ᠶᠢᠨ ᠴᠡᠭ᠎ᠢ ᠨᠠᠮᠠᠨ ᠲᠣᠬᠢᠷᠠᠭᠤᠯᠬᠤ ᠂ ᠰᠢᠯᠵᠢᠮᠡᠯ ᠲᠠᠷᠢᠯᠭ᠎ᠠ᠎ᠶᠢᠨ ᠠᠩᠭᠢ᠎ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ ᠂ ᠪᠥᠬᠥ ᠣᠷᠣᠨ᠎ᠳ᠋ᠤ 1136 ᠲᠠᠷᠢᠯᠭ᠎ᠠ᠎ᠶᠢᠨ ᠨᠢᠭᠡᠴᠢ᠎ᠶᠢ ᠤᠷᠢᠳᠴᠢᠯᠠᠨ ᠪᠠᠶᠢᠷᠢᠯᠠᠭᠤᠯᠵᠤ ᠂ 2373 ᠲᠠᠷᠢᠯᠭ᠎ᠠ᠎ᠶᠢᠨ ᠥᠷᠲᠡᠭᠡ᠎ᠳ᠋ᠤ 10764 ᠬᠥᠮᠦᠨ᠎ᠢ ᠪᠣᠯᠪᠠᠰᠤᠷᠠᠭᠤᠯᠵᠤ ᠂ 2318 ᠡᠮᠨᠡᠯᠭᠡ᠎ᠶᠢᠨ ᠠᠵᠢᠯᠲᠠᠨ᠎ᠢ ᠰᠢᠯᠵᠢᠭᠦᠯᠦᠨ ᠲᠣᠬᠢᠷᠠᠭᠤᠯᠵᠠᠶ ᠃ ᠲᠠᠷᠢᠯᠭ᠎ᠠ ᠬᠢᠬᠦ᠎ᠳ᠋ᠤ ᠣᠷᠣᠯᠴᠠᠭᠰᠠᠨ ᠡᠮᠴᠢ ᠰᠤᠪᠢᠯᠠᠭᠴᠢ ᠪᠣᠯᠪᠠᠰᠤᠷᠠᠯ᠎ᠳ᠋ᠤ ᠬᠢᠷᠢ ᠲᠡᠩᠴᠡᠭᠰᠡᠨ᠎ᠤ ᠳᠠᠷᠠᠭ᠎ᠠ ᠠᠵᠢᠯ᠎ᠤᠨ ᠪᠠᠶᠢᠷᠢ᠎ᠳ᠋ᠤ ᠭᠠᠷᠴᠤ ᠂ ᠵᠢᠷᠤᠮᠵᠢᠯ᠎ᠤᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ ᠠᠵᠢᠯᠯᠠᠬᠤ᠎ᠶᠢ ᠱᠠᠭᠠᠷᠳᠠᠵᠠᠢ ᠃

ᠡᠯ᠎ᠡ ᠭᠠᠵᠠᠷ᠎ᠤᠨ᠎ᠬᠢᠨ ᠬᠣᠶᠠᠳᠤᠭᠠᠷ ᠳᠡᠰ᠎ᠡᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ᠎ᠶᠢᠨ ᠬᠣᠷᠢᠶᠠᠨ᠎ᠤ ᠲᠦᠷᠭᠡᠨ ᠡᠮᠨᠡᠬᠦ ᠲᠦᠷᠭᠡᠨ ᠠᠪᠤᠷᠠᠬᠤ ᠠᠵᠢᠯᠲᠠᠨ᠎ᠤ ᠰᠠᠭᠤᠭ᠎ᠠ ᠭᠠᠵᠠᠷ᠎ᠤᠨ ᠪᠠᠲᠤᠯᠠᠭ᠎ᠠ᠎ᠲᠠᠢ ᠂ ᠲᠦᠷᠭᠡᠨ ᠠᠪᠤᠷᠠᠬᠤ ᠲᠥᠬᠥᠭᠡᠷᠦᠮᠵᠢ ᠡᠮ᠎ᠤᠨ ᠵᠦᠢᠯ᠎ᠲᠠᠢ ᠂ 120 ᠲᠦᠷᠭᠡᠨ ᠠᠪᠤᠷᠠᠬᠤ ᠲᠡᠷᠭᠡ ᠡᠪᠡᠳᠴᠢᠲᠡᠨ᠎ᠢ ᠰᠢᠯᠵᠢᠭᠦᠯᠦᠨ ᠵᠦᠭᠡᠭᠡᠪᠦᠷᠢᠯᠡᠬᠦ ᠂ ᠬᠣᠶᠠᠳᠤᠭᠠᠷ ᠳᠡᠰ᠎ᠡᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ᠎ᠶᠢᠨ ᠬᠣᠷᠢᠶᠠᠨ᠎ᠤ ᠠᠪᠤᠷᠠᠨ ᠵᠠᠰᠠᠬᠤ ᠰᠠᠭᠠᠳ ᠦᠭᠡᠶ ᠨᠡᠪᠲᠡᠷᠡᠬᠦ ᠵᠠᠮ᠎ᠲᠠᠢ ᠪᠠᠶᠢᠬᠤ ︽ ᠳᠥᠷᠪᠡ ᠪᠠᠶᠢᠬᠤ ︾ ᠵᠠᠷᠴᠢᠮ ᠶᠣᠰᠣᠭᠠᠷ ᠂ ᠬᠡᠪ᠎ᠤᠨ ᠪᠤᠰᠤ ᠲᠤᠰᠬᠠᠯ᠎ᠲᠠᠢ ᠪᠠᠴᠢᠮ ᠪᠠᠶᠢᠳᠠᠯ᠎ᠢ ᠠᠷᠭᠠᠴᠠᠭᠠᠬᠤ ᠠᠪᠤᠷᠠᠨ ᠵᠠᠰᠠᠬᠤ ᠪᠠᠲᠤᠯᠠᠭ᠎ᠠ᠎ᠶᠢ ᠢᠳᠡᠪᠬᠢᠲᠡᠶ ᠰᠠᠶᠢᠲᠤᠷ ᠬᠢᠵᠦ ᠪᠤᠢ ᠃ ᠣᠳᠣᠬᠠᠨ᠎ᠳ᠋ᠤ ᠂ ᠨᠢᠭᠡᠨᠲᠡ ᠲᠠᠷᠢᠯᠭ᠎ᠠ ᠬᠢᠭᠰᠡᠨ ᠸᠠᠺᠼᠢᠨ᠎ᠤ ᠬᠡᠪ᠎ᠤᠨ ᠪᠤᠰᠤ ᠤᠷᠪᠠᠯ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠮᠤᠷ ᠲᠦᠪᠰᠢᠨ᠎ᠤ ᠴᠢᠨᠠᠷ᠎ᠨᠢ ᠮᠠᠰᠢ ᠰᠠᠶᠢᠨ ᠪᠠᠶᠢᠵᠤ ᠂ ᠨᠢᠭᠡᠨᠲᠡ ᠬᠡᠷᠡᠭᠯᠡᠭᠰᠡᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠠᠳᠠᠯᠢ ᠲᠥᠷᠥᠯ᠎ᠤᠨ ᠸᠠᠺᠼᠢᠨ᠎ᠤ ᠲᠠᠷᠢᠯᠭ᠎ᠠ᠎ᠶᠢᠨ ᠬᠡᠪ᠎ᠤᠨ ᠪᠤᠰᠤ ᠤᠷᠪᠠᠯ ᠡᠭᠦᠰᠬᠦ ᠨᠣᠷᠮ᠎ᠠ᠎ᠡᠴᠠ ᠳᠤᠤᠷ᠎ᠠ ᠪᠠᠢᠨ᠎ᠠ ᠃

ᠡᠭᠦᠨ᠎ᠤ ᠬᠠᠮᠲᠤ ᠂ ᠮᠠᠨ᠎ᠤ ᠣᠷᠣᠨ ᠮᠡᠳᠡᠭᠡ ᠵᠠᠩᠭᠢᠵᠢᠯᠲᠠ᠎ᠶᠢᠨ ᠪᠠᠶᠢᠭᠤᠯᠤᠯᠲᠠ᠎ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠂ ᠸᠠᠺᠼᠢᠨ᠎ᠤ ᠲᠠᠷᠢᠯᠭ᠎ᠠ᠎ᠶᠢᠨ ᠪᠥᠬᠥ ᠶᠠᠪᠤᠴᠠ᠎ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶᠢ ᠴᠢᠩᠭ᠎ᠠ ᠨᠠᠶᠢᠳᠠᠪᠤᠷᠢᠵᠢᠭᠤᠯᠪᠠ ᠃ ᠣᠳᠣᠬᠠᠨ᠎ᠳ᠋ᠤ ᠂ ᠪᠥᠬᠥ ᠣᠷᠣᠨ᠎ᠳ᠋ᠤ ᠨᠢᠭᠡᠨᠲᠡ ᠸᠠᠺᠼᠢᠨ᠎ᠤ ᠡᠯᠧᠺᠲ᠋ᠷᠣᠨ ᠮᠥᠷᠳᠡᠨ ᠡᠷᠢᠬᠦ ᠬᠠᠮᠵᠢᠯᠴᠠᠭᠠᠨ᠎ᠤ ᠲᠠᠪᠴᠠᠩ ᠪᠠᠶᠢᠭᠤᠯᠵᠤ ᠂ ᠡᠯ᠎ᠡ ᠭᠠᠵᠠᠷ᠎ᠤᠨ᠎ᠬᠢᠨ ᠲᠠᠪᠴᠠᠩ᠎ᠳ᠋ᠤ ᠲᠣᠭᠲᠠᠭᠠᠭᠰᠠᠨ ᠮᠡᠳᠡᠭᠡ ᠵᠠᠩᠭᠢ᠎ᠶᠢ ᠴᠠᠭ ᠲᠤᠬᠠᠶ᠎ᠳ᠋ᠤᠨᠢ ᠣᠨᠣᠪᠴᠢᠲᠠᠶ ᠮᠡᠳᠡᠭᠦᠯᠵᠦ ᠂ ᠸᠠᠺᠼᠢᠨ᠎ᠤ ᠢᠷᠡᠯᠲᠡ᠎ᠶᠢ ᠪᠠᠶᠢᠴᠠᠭᠠᠵᠤ ᠪᠣᠯᠬᠤ ᠂ ᠬᠠᠮᠢᠭ᠎ᠠ ᠣᠴᠢᠭᠰᠠᠨ᠎ᠢ ᠮᠥᠷᠳᠡᠵᠦ ᠪᠣᠯᠬᠤ ᠂ ᠪᠥᠬᠥ ᠶᠠᠪᠤᠴᠠ᠎ᠶᠢ ᠮᠥᠷᠳᠡᠵᠦ ᠪᠣᠯᠬᠤ᠎ᠶᠢ ᠪᠡᠶᠡᠯᠡᠭᠦᠯᠪᠡ ᠃

ᠸᠠᠺᠼᠢᠨ᠎ᠤ ᠭᠦᠢᠯᠭᠡᠭᠡ ᠪᠠ ᠬᠡᠷᠡᠭᠯᠡᠯᠲᠡ᠎ᠶᠢᠨ ᠠᠮᠤᠷ ᠲᠦᠪᠰᠢᠨ᠎ᠤ ᠬᠠᠮᠢᠶᠠᠷᠤᠯᠲᠠ᠎ᠶᠢᠨ ᠲᠠᠯ᠎ᠠ᠎ᠪᠠᠷ ᠂ ᠪᠥᠬᠥ ᠣᠷᠣᠨ᠎ᠤ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠲᠠᠷᠢᠯᠭ᠎ᠠ ᠬᠢᠬᠦ ᠨᠢᠭᠡᠴᠢ ᠸᠠᠺᠼᠢᠨ᠎ᠤ ᠣᠷᠣᠵᠤ ᠭᠠᠷᠬᠤ ᠪᠣᠭᠣᠮᠲᠠ᠎ᠶᠢ ᠴᠢᠩᠭ᠎ᠠ ᠰᠠᠬᠢᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠬᠠᠳᠠᠭᠠᠯᠠᠨ ᠬᠥᠮᠥᠷᠭᠡᠯᠡᠵᠥ ᠂ ᠲᠡᠭᠡᠭᠡᠪᠦᠷᠢᠯᠡᠬᠦ ᠶᠠᠪᠤᠴᠠ᠎ᠳ᠋ᠠᠬᠢ ᠳᠤᠯᠠᠭᠠᠨ᠎ᠤ ᠬᠡᠮᠵᠢᠶ᠎ᠡ᠎ᠶᠢ ᠴᠠᠭ ᠲᠤᠬᠠᠶ᠎ᠳ᠋ᠤᠨᠢ ᠬᠢᠨᠠᠨ ᠬᠡᠮᠵᠢᠨ ᠲᠡᠮᠳᠡᠭᠯᠡᠵᠦ ᠂ ᠬᠥᠮᠥᠷᠭᠡᠯᠡᠨ ᠲᠡᠭᠡᠭᠡᠪᠦᠷᠢᠯᠡᠬᠦ ᠶᠠᠪᠤᠴᠠ᠎ᠳ᠋ᠠᠬᠢ ᠠᠮᠤᠷ ᠲᠦᠪᠰᠢᠨ᠎ᠢ ᠦᠨᠡᠨ ᠬᠦ ᠪᠠᠲᠤᠯᠠᠵᠥ ᠪᠤᠢ ᠃ ᠥᠪᠡᠷᠲᠡᠭᠡᠨ ᠵᠠᠰᠠᠬᠤ ᠣᠷᠣᠨ᠎ᠤ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲ᠋ᠧᠮ᠎ᠢ ᠠᠰᠢᠬᠯᠠᠨ ᠂ ᠡᠯ᠎ᠡ ᠭᠠᠵᠠᠷ᠎ᠤᠨ᠎ᠬᠢᠨ ᠨᠢᠭᠡᠨᠲᠡ ᠭᠠᠷ ᠤᠲᠠᠰᠤ᠎ᠪᠠᠷ ᠬᠣᠶᠠᠷ ᠬᠡᠮᠵᠢᠯᠳᠦ ᠺᠣᠳ᠋᠎ᠢ ᠰᠢᠷᠪᠢᠬᠦ ᠪᠠ ᠵᠢᠷᠬᠢᠶ᠎ᠠ᠎ᠶᠢᠨ ᠵᠢᠵᠢᠭ ᠫᠷᠤᠭᠷᠠᠮ᠎ᠢᠶᠠᠷ ︽ ᠨᠠᠰᠤᠨ᠎ᠳ᠋ᠤ ᠬᠦᠷᠦᠭᠰᠡᠳ᠎ᠤᠨ ᠸᠠᠺᠼᠢᠨ᠎ᠤ ᠲᠠᠷᠢᠯᠭ᠎ᠠ᠎ᠶᠢᠨ ᠦᠢᠯᠡᠴᠢᠯᠡᠭᠡ ︾᠎ᠶᠢ ᠠᠩᠬᠠᠷᠴᠤ ᠤᠷᠢᠳᠴᠢᠯᠠᠨ ᠪᠣᠯᠵᠣᠵᠤ ᠲᠠᠷᠢᠯᠭ᠎ᠠ ᠬᠢᠬᠦ᠎ᠶᠢ ᠪᠡᠶᠡᠯᠡᠭᠦᠯᠦᠭᠰᠡᠨ ᠪᠥᠭᠡᠳ ᠨᠢᠭᠡᠨᠲᠡ ᠠᠯᠬᠤᠮ ᠠᠯᠬᠤᠮ᠎ᠢᠶᠠᠷ ᠮᠤᠵᠢ᠎ᠶᠢᠨ ᠱᠠᠲᠤᠨ᠎ᠤ ᠡᠷᠡᠭᠦᠯ ᠮᠡᠨᠳᠦ᠎ᠶᠢᠨ ᠺᠣᠳ᠋ ︵ ᠮᠥᠩᠬᠡ ᠰᠤᠪᠠᠭ ︶᠎ᠶᠢᠨ ᠲᠠᠪᠴᠠᠩ᠎ᠳ᠋ᠤ ᠬᠤᠪᠢ ᠬᠥᠮᠦᠨ᠎ᠤ ᠸᠠᠺᠼᠢᠨ᠎ᠤ ᠲᠠᠷᠢᠯᠭ᠎ᠠ ᠬᠢᠭᠰᠡᠨ ᠲᠡᠮᠳᠡᠭᠯᠡᠯ᠎ᠢ ᠪᠠᠶᠢᠴᠠᠭᠠᠨ ᠯᠠᠪᠯᠠᠵᠤ ᠪᠠᠶᠢᠨ᠎ᠠ ᠃

ᠵᠤᠬᠢᠬᠤ ᠬᠡᠰᠡᠭ ᠬᠤᠭᠤᠴᠠᠭ᠎ᠠ᠎ᠳ᠋ᠤ ᠂ ᠪᠦᠬᠦ ᠣᠷᠣᠨ᠎ᠤ ᠡᠯ᠎ᠡ ᠭᠠᠵᠠᠷ᠎ᠤᠨ᠎ᠬᠢᠨ ᠷᠠᠳᠢᠣ᠋ ᠨᠡᠪᠲᠡᠷᠡᠭᠦᠯᠭᠡ᠎ᠶᠢ ᠭᠦᠢᠴᠡᠳ ᠠᠰᠢᠬᠯᠠᠨ ᠂ ᠲᠧᠯᠸᠢᠰ ᠂ ᠰᠦᠯᠵᠢᠶ᠎ᠡ ᠵᠡᠷᠭᠡ ᠡᠯ᠎ᠡ ᠵᠦᠢᠯ᠎ᠤᠨ ᠵᠠᠭᠤᠴᠢ ᠮᠡᠳᠡᠯᠭᠡ᠎ᠶᠢᠨ ᠲᠠᠶᠢᠯᠤᠮᠵᠢ᠎ᠪᠠᠷ ᠳᠠᠮᠵᠢᠨ ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠬᠡᠯᠪᠡᠷᠢ᠎ᠪᠠᠷ ᠡᠷᠡᠭᠦᠯ ᠮᠡᠨᠳᠦ᠎ᠶᠢ ᠬᠠᠮᠠᠭᠠᠯᠠᠬᠤ᠎ᠳ᠋ᠤ ᠦᠵᠡᠭᠦᠯᠬᠦ ᠸᠠᠺᠼᠢᠨ᠎ᠤ ᠦᠶᠯᠡᠳᠦᠯ᠎ᠢ ᠢᠳᠡᠪᠬᠢᠲᠡᠶ ᠤᠬᠠᠭᠤᠯᠵᠥ ᠂ ᠣᠯᠠᠨ ᠨᠡᠶᠢᠲᠡ᠎ᠳ᠋ᠤ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠮᠡᠷᠭᠡᠵᠢᠯ ᠂ ᠠᠶᠤᠯᠭᠦᠶ ᠴᠢᠨᠠᠷ ᠂ ᠠᠰᠢᠭ ᠲᠤᠰᠠᠳᠤ ᠴᠢᠨᠠᠷ ᠂ ᠲᠡᠭᠡᠭᠡᠪᠦᠷᠢ᠎ᠶᠢᠨ ᠬᠡᠷᠡᠭᠯᠡᠯᠲᠡ ᠵᠡᠷᠭᠡ ᠲᠠᠯ᠎ᠠ᠎ᠶᠢᠨ ᠳᠠᠪᠠᠭᠤᠯᠢᠭ ᠣᠨᠴᠠᠯᠢᠭ᠎ᠢ ᠲᠤᠳᠤᠷᠬᠠᠢ ᠲᠠᠢᠯᠪᠤᠷᠢᠯᠠᠵᠥ ᠂ ᠣᠯᠠᠨ᠎ᠢ ᠬᠥᠲᠥᠯᠥᠨ ᠵᠢᠯᠣᠭᠣᠳᠴᠤ ᠵᠦᠶ ᠵᠣᠬᠢᠰᠲᠠᠶ ᠵᠢᠱᠢᠯᠲᠡ᠎ᠶᠢ ᠪᠦᠷᠢᠯᠳᠦᠭᠦᠯᠬᠥ᠎ᠶᠢᠨ ᠬᠠᠮᠳᠤ ᠴᠠᠭ ᠲᠤᠬᠠᠶ᠎ᠳ᠋ᠤᠨᠢ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠰᠡᠵᠢᠭ ᠡᠷᠡᠬᠡᠯᠵᠡᠬᠡ᠎ᠶᠢ ᠠᠯᠳᠠᠷᠠᠭᠠᠵᠥ ᠂ ᠣᠯᠠᠨ ᠲᠦᠮᠡᠨ᠎ᠤ ᠠᠩᠬᠠᠷᠤᠯ᠎ᠳ᠋ᠤ ᠬᠠᠷᠢᠭᠤ ᠥᠭᠴᠤ ᠂ ᠣᠯᠠᠨ ᠨᠡᠶᠢᠲᠡ᠎ᠳ᠋ᠤ ᠰᠢᠨᠵᠢᠯᠡᠬᠦ ᠤᠬᠠᠭᠠᠨᠴᠢ᠎ᠪᠠᠷ ᠮᠡᠳᠡᠭᠡ ᠵᠠᠩᠭᠢ᠎ᠶᠢ ᠳᠠᠮᠵᠢᠭᠤᠯᠬᠤ ᠂ ᠣᠯᠠᠨ ᠲᠦᠮᠡᠨ᠎ᠤ ᠡᠷᠡᠭᠡᠯᠵᠡᠭᠡ᠎ᠶᠢ ᠠᠷᠢᠯᠭᠠᠬᠤ ᠂ ᠣᠯᠠᠨ ᠲᠦᠮᠡᠨ᠎ᠤ ᠸᠠᠺᠼᠢᠨ᠎ᠤ ᠲᠠᠷᠢᠯᠭ᠎ᠠ ᠬᠢᠬᠦ ᠢᠲᠡᠭᠡᠯ᠎ᠢ ᠨᠡᠮᠡᠭᠳᠡᠭᠦᠯᠵᠥ ᠂ ᠬᠦᠯᠢᠶᠡᠨ ᠠᠪᠬᠤ ᠶᠣᠰᠣᠲᠠᠶ ᠪᠦᠬᠦᠨ᠎ᠢ ᠬᠦᠯᠢᠶᠡᠨ ᠠᠪᠬᠤ ᠪᠠ ᠰᠠᠶᠢᠨ ᠳᠤᠷ᠎ᠠ᠎ᠶᠢᠨ ᠵᠠᠷᠴᠢᠮ᠎ᠢ ᠤᠶᠠᠯᠳᠤᠭᠤᠯᠬᠤ ᠂ ᠭᠦᠢᠴᠡᠳ ᠮᠡᠳᠡᠭᠳᠡᠭᠰᠡᠨ ᠰᠠᠭᠤᠷᠢᠨ ᠳᠡᠭᠡᠷ᠎ᠡ ᠂ ᠣᠯᠠᠨ ᠲᠦᠮᠡᠨ᠎ᠢ ᠵᠣᠷᠢᠭᠵᠢᠭᠤᠯᠵᠤ ᠪᠠᠶᠢᠭᠠᠳ ᠢᠳᠡᠪᠬᠢᠲᠡᠶ᠎ᠪᠠᠷ ᠲᠠᠷᠢᠯᠭ᠎ᠠ ᠲᠠᠷᠢᠬᠤ ᠂ ᠰᠠᠨᠠᠭᠠᠴᠢᠯᠠᠭ᠎ᠠ᠎ᠡᠴᠠ᠎ᠪᠠᠨ ᠲᠠᠷᠢᠯᠭ᠎ᠠ ᠲᠠᠷᠢᠬᠤ᠎ᠶᠢ ᠬᠥᠳᠥᠯᠥᠨ ᠵᠢᠯᠤᠭᠤᠳᠴᠠᠢ ᠃

ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠳᠡᠳ᠋ ᠡᠷᠬᠢᠯᠡᠭᠴᠢ ᠹᠦ᠋ ᠷᠦᠢ ᠹᠸᠩ᠎ᠤᠨ ᠲᠠᠨᠢᠯᠴᠠᠭᠤᠯᠤᠭᠰᠠᠨ᠎ᠢᠶᠠᠷ ᠂ 4 ᠰᠠᠷ᠎ᠠ᠎ᠶᠢᠨ 14᠎ᠤ ᠡᠳᠦᠷ ᠪᠣᠯᠲᠠᠯ᠎ᠠ ᠂ ᠪᠥᠬᠥ ᠣᠷᠣᠨ᠎ᠳ᠋ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠨᠡᠶᠢᠲᠡ 184 ᠲᠦᠮᠡᠨ ᠤᠳᠠᠭ᠎ᠠ ᠳᠠᠷᠢᠭᠤᠯᠤᠭᠰᠠᠨ ᠪᠠᠶᠢᠨ᠎ᠠ ᠃ ᠲᠠᠷᠠᠭᠠᠴᠢ᠎ᠪᠠᠷ ᠂ ᠮᠠᠨ᠎ᠤ ᠣᠷᠣᠨ ᠦᠷᠭᠦᠯᠵᠢᠯᠡᠨ ᠭᠤᠤᠯᠳᠠᠯᠭ᠎ᠠ᠎ᠲᠠᠢ ᠭᠠᠵᠠᠷ ᠣᠷᠣᠨ᠎ᠤ ᠲᠣᠭᠣᠷᠢᠨ᠎ᠳ᠋ᠤ ᠂ ᠭᠣᠣᠯᠳᠠᠯᠭ᠎ᠠ᠎ᠲᠠᠢ ᠬᠥᠮᠦᠰ ᠂ ᠬᠢᠵᠢᠭ᠎ᠤᠨ ᠪᠠᠶᠢᠳᠠᠯ ᠭᠠᠷᠬᠤ᠎ᠳ᠋ᠤ ᠠᠶᠤᠯ ᠲᠦᠭᠰᠢᠭᠦᠷᠢ ᠶᠡᠬᠡᠲᠡᠢ ᠬᠢᠯᠢ᠎ᠶᠢᠨ ᠪᠣᠭᠣᠮᠲᠠ᠎ᠶᠢᠨ ᠬᠤᠳᠠ᠎ᠶᠢ ᠤᠷᠢᠳ᠎ᠢᠶᠠᠷ ᠪᠠᠲᠤᠯᠠᠵᠥ ᠂ ᠬᠢᠯᠢ ᠬᠢᠵᠠᠭᠠᠷ ᠣᠷᠣᠨ ᠪᠠ ᠥᠩᠭᠡᠷᠡᠭᠰᠡᠨ᠎ᠤ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠶᠢᠳᠠᠯ ᠭᠠᠷᠴᠤ ᠥᠩᠭᠡᠷᠡᠭᠰᠡᠨ ᠭᠠᠵᠠᠷ ᠣᠷᠣᠨ ᠂ ᠬᠥᠯᠳᠡᠭᠡᠵᠦ ᠬᠡᠯᠬᠢᠶᠡᠵᠢᠭᠦᠯᠬᠦ ᠠᠵᠢᠯ ᠡᠷᠬᠢᠯᠡᠭᠰᠡᠳ᠎ᠢ ᠴᠢᠩᠭᠠᠳᠬᠠᠵᠥ ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠠᠵᠢᠯᠲᠠᠨ ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ᠎ᠤᠨ ᠨᠢᠭᠡᠴᠢ᠎ᠶᠢᠨ ᠠᠵᠢᠯᠲᠠᠨ ᠂ ᠶᠡᠬᠡ ᠳᠡᠭᠡᠳᠦ ᠰᠤᠷᠭᠠᠭᠤᠯᠢ᠎ᠶᠢᠨ ᠰᠤᠷᠤᠭᠴᠢ ᠪᠠ ᠪᠠᠭᠰᠢ ᠠᠵᠢᠯᠲᠠᠨ ᠠᠵᠢᠯᠴᠢᠨ ᠂ ᠲᠣᠮᠣ ᠬᠡᠯᠪᠡᠷᠢ᠎ᠶᠢᠨ ᠬᠡᠲᠦ ᠬᠤᠳᠠᠯᠳᠤᠭᠠᠨ᠎ᠤ ᠦᠢᠯᠡᠴᠢᠯᠡᠭᠴᠢ ᠵᠢᠴᠢ ᠨᠡᠶᠢᠭᠡᠮ᠎ᠤᠨ ᠠᠵᠢᠯᠯᠠᠭᠠᠨ᠎ᠤ ᠵᠠᠮ ᠬᠠᠷᠢᠯᠴᠠᠭ᠎ᠠ᠎ᠶᠢ ᠪᠠᠲᠤᠯᠠᠬᠤ ᠂ ᠡᠳ᠋ ᠪᠠᠷᠠᠭᠠᠨ᠎ᠤ ᠭᠦᠢᠯᠭᠡᠭᠡ ᠂ ᠠᠰᠠᠷᠠᠮᠵᠢ᠎ᠶᠢᠨ ᠪᠠᠶᠢᠭᠤᠯᠤᠮᠵᠢ᠎ᠶᠢᠨ ᠠᠵᠢᠯᠲᠠᠨ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠵᠥ ᠂ ᠬᠥᠮᠦᠰ᠎ᠤᠨ ᠸᠠᠺᠼᠢᠨ᠎ᠤ ᠲᠠᠷᠢᠯᠭ᠎ᠠ᠎ᠶᠢᠨ ᠪᠦᠷᠬᠦᠴᠡ᠎ᠶᠢᠨ ᠨᠣᠷᠮ᠎ᠠ᠎ᠶᠢ ᠲᠣᠭᠲᠠᠭᠤᠨ᠎ᠢᠶᠠᠷ ᠳᠡᠭᠡᠭᠰᠢᠯᠡᠭᠦᠯᠵᠥ ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶᠢ ᠬᠠᠮᠠᠭᠠᠯᠠᠨ᠎ᠠ ᠬᠡᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面