ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-04-18 20:54:19

ᠵᠣᠬᠢᠶᠠᠭ᠍ᠴᠢ᠄ ᠵᠠᠩ ᠸᠸᠨ ᠴᠢᠶᠠᠩ ᠣᠩᠱᠢᠭ᠍ᠰᠠᠨ ᠣᠳᠠᠭ᠎ᠠ᠄ 3

 ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠰᠠᠯᠠᠭᠠᠨ᠎ᠤ ᠳᠠᠷᠤᠭ᠎ᠠ ᠲᠢᠶᠠᠨ ᠰᠢᠶᠣᠤ ᠯᠢᠩ᠎ᠢ ᠰᠤᠷᠪᠤᠯᠵᠢᠯᠠᠬᠰᠠᠨ᠎ᠨᠢ


ᠣᠳᠣᠬᠠᠨ᠎ᠳ᠋ᠤ ᠪᠥᠬᠥ ᠣᠷᠣᠨ᠎ᠤ ᠡᠯ᠎ᠡ ᠭᠠᠵᠠᠷ ᠴᠢᠨᠠᠭᠰᠢᠯᠠᠪᠠᠯ ᠪᠥᠬᠥ ᠤᠯᠤᠰ᠎ᠲᠤ ᠶᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠶᠡᠬᠡ ᠬᠡᠪᠴᠢᠶ᠎ᠡ᠎ᠪᠠᠷ ᠥᠷᠨᠢᠭᠦᠯᠵᠦ ᠪᠠᠶᠢᠨ᠎ᠠ ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠲᠠᠷᠢᠬᠤ ᠬᠦᠮᠦᠨ ᠤᠯᠠᠰᠢᠷᠠᠬᠤ᠎ᠶᠢ ᠳᠠᠭᠠᠯᠳᠤᠨ ᠂ ᠠᠮᠠᠪᠴᠢ᠎ᠪᠠᠨ ᠵᠡᠭᠦᠭᠦ ᠡᠰᠡᠬᠦ ᠂ ᠬᠢᠵᠢᠭ᠎ᠤᠨ ᠪᠠᠢᠳᠠᠯ᠎ᠢ ᠰᠡᠷᠭᠡᠶᠢᠯᠡᠨ ᠡᠵᠡᠮᠳᠡᠬᠦ ᠴᠢᠬᠤᠯᠠ ᠥᠬᠡᠶ ᠪᠤᠯᠤᠬᠰᠠᠨ ᠡᠰᠡᠬᠦ ᠲᠤᠬᠠᠢ ᠡᠷᠡᠭᠡᠯᠵᠡᠭᠡ ᠭᠠᠷᠴᠠᠢ ᠃ ᠡᠢᠨ ᠬᠦ ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠰᠠᠯᠠᠭᠠᠨ᠎ᠤ ᠳᠠᠷᠤᠭ᠎ᠠ ᠲᠢᠶᠠᠨ ᠰᠢᠶᠣᠤ ᠯᠢᠩ᠎ᠡᠴᠠ ᠡᠨᠡ ᠳᠤᠬᠠᠢ ᠰᠤᠷᠪᠤᠯᠵᠢᠯᠠᠭ᠎ᠠ ᠠᠪᠤᠪᠠ ᠃

︽ ᠣᠳᠣᠬᠠᠨ᠎ᠳ᠋ᠤ ᠬᠣᠶᠠᠷ ᠲᠠᠯ᠎ᠠ᠎ᠶᠢᠨ ᠡᠯᠧᠮᠧᠨ᠋ᠲ᠎ᠢ ᠪᠣᠳᠣᠯᠬᠢᠯᠠᠬᠤ ᠴᠢᠬᠤᠯᠠᠲᠠᠶ ᠪᠠᠶᠢᠨ᠎ᠠ ᠃ ᠨᠢᠭᠡ ᠲᠠᠯ᠎ᠠ᠎ᠪᠠᠷ ᠂ ᠪᠥᠬᠥ ᠳᠡᠯᠡᠬᠡᠶ᠎ᠳ᠋ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠮᠥᠨ ᠦᠷᠭᠦᠯᠵᠢᠯᠡᠨ ᠳᠡᠯᠭᠡᠷᠡᠵᠦ ᠪᠠᠶᠢᠨ᠎ᠠ ᠃ ᠨᠥᠭᠥᠭᠡ ᠲᠠᠯ᠎ᠠ᠎ᠪᠠᠷ ᠂ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠨᠣᠷᠮ᠎ᠠ ᠮᠥᠨ ᠨᠡᠯᠢᠶᠡᠳ ᠳᠤᠤᠷ᠎ᠠ ᠪᠠᠶᠢᠵᠤ ᠂ ᠨᠡᠯᠢᠶᠡᠳ ᠥᠨᠳᠥᠷ ᠡᠭᠡᠯᠢᠯᠡᠭᠡ᠎ᠶᠢᠨ ᠬᠠᠮᠠᠭᠠᠯᠠᠯᠲᠠ᠎ᠶᠢᠨ ᠬᠢᠷᠢ ᠲᠦᠪᠰᠢᠨ᠎ᠢ ᠪᠦᠷᠢᠯᠳᠦᠬᠦᠯᠬᠦ᠎ᠡᠴᠠ ᠪᠠᠰᠠ ᠶᠡᠬᠡ ᠵᠥᠷᠢᠶ᠎ᠡ᠎ᠲᠠᠢ ᠪᠠᠶᠢᠨ᠎ᠠ ︾ ᠭᠡᠵᠤ ᠲᠢᠶᠠᠨ ᠰᠢᠶᠤᠤ ᠯᠢᠩ ᠬᠡᠯᠡᠨ᠎ᠡ ᠃ ᠣᠳᠣᠬᠠᠨ᠎ᠳ᠋ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠶᠡᠬᠡ᠎ᠪᠠᠷ ᠳᠡᠯᠭᠡᠷᠡᠵᠦ ᠪᠠᠶᠢᠭ᠎ᠠ ᠭᠠᠵᠠᠷ ᠣᠷᠣᠨ᠎ᠡᠴᠠ ᠤᠷᠤᠵᠤ ᠢᠷᠡᠬᠦ ᠬᠢᠯᠢ᠎ᠶᠢᠨ ᠭᠠᠳᠠᠨᠠᠬᠢ ᠬᠥᠮᠦᠰ ᠪᠤᠶᠤ ᠡᠳ᠋ ᠪᠣᠳᠠᠰ ᠪᠤᠯ ᠮᠦᠨ ᠴᠤ ᠮᠠᠨ᠎ᠤ ᠤᠯᠤᠰ᠎ᠤᠨ ᠬᠢᠯᠢ ᠳᠣᠲᠣᠷ᠎ᠠ ᠬᠢᠵᠢᠭ ᠲᠡᠯᠭᠡᠷᠡᠬᠦ ᠠᠶᠤᠯ ᠲᠦᠭᠰᠢᠭᠦᠷᠢ᠎ᠶᠢ ᠨᠡᠮᠡᠭᠳᠡᠬᠦᠯᠵᠦ ᠪᠤᠢ ᠃

ᠲᠢᠶᠠᠨ ᠰᠢᠶᠤᠤ ᠯᠢᠩ᠎ᠤᠨ ᠦᠵᠡᠬᠦ᠎ᠪᠠᠷ ᠂ ᠶᠠᠮᠠᠷ ᠨᠢᠭᠡᠨ ᠬᠦᠮᠦᠨ ᠂ ᠬᠢᠵᠢᠭ ᠶᠡᠬᠡ᠎ᠪᠠᠷ ᠳᠡᠯᠭᠡᠷᠡᠵᠦ ᠪᠠᠶᠢᠭ᠎ᠠ ᠤᠯᠤᠰ᠎ᠲᠤ ᠪᠠᠢᠵᠤ ᠨᠢᠭᠡᠨᠲᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠳ᠋ᠤ ᠬᠠᠯᠳᠠᠪᠤᠷᠢᠯᠠᠭᠳᠠᠭᠰᠠᠨ ᠂ ᠡᠰᠡᠬᠦᠯ᠎ᠡ ᠨᠢᠭᠡᠨᠲᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠳᠠᠷᠢᠭᠤᠯᠤᠭᠰᠠᠨ ᠪᠣᠯᠪᠠᠴᠤ ᠳᠠᠬᠢᠨ ᠬᠠᠯᠳᠠᠪᠤᠷᠢᠯᠠᠭᠳᠠᠬᠤ᠎ᠡᠴᠠ ᠪᠦᠷᠢᠮᠦᠰᠦᠨ ᠵᠠᠶᠢᠯᠠᠰᠬᠢᠵᠦ ᠴᠢᠳᠠᠬᠤ ᠥᠬᠡᠶ ᠃ ᠬᠡᠳᠦᠶᠢᠪᠡᠷ ᠡᠪᠡᠳᠴᠢᠨ᠎ᠳ᠋ᠤ ᠨᠡᠷᠪᠡᠭᠳᠡᠬᠦ ᠠᠶᠤᠯ ᠲᠦᠭᠰᠢᠭᠦᠷᠢ ᠶᠡᠬᠡ᠎ᠪᠠᠷ ᠪᠠᠭᠤᠷᠠᠭᠰᠠᠨ ᠪᠣᠯᠪᠠᠴᠤ ᠮᠥᠨ ᠯᠡ ᠳᠠᠬᠢᠨ ᠬᠠᠯᠳᠠᠪᠤᠷᠢᠯᠠᠭᠳᠠᠬᠤ ᠠᠶᠤᠯ ᠲᠦᠭᠰᠢᠭᠦᠷᠢ᠎ᠲᠠᠢ ᠃ ᠡᠲᠡᠭᠡᠷ ᠬᠠᠯᠳᠠᠪᠤᠷᠢᠯᠠᠭᠳᠠᠭᠰᠠᠳ ᠬᠢᠯᠢ᠎ᠳ᠋ᠤ ᠣᠷᠣᠵᠤ ᠢᠷᠡᠭᠰᠡᠨ᠎ᠤ ᠳᠠᠷᠠᠭ᠎ᠠ ᠂ ᠰᠡᠷᠭᠡᠢᠯᠡᠯᠳᠡ᠎ᠶᠢ ᠰᠠᠶᠢᠲᠤᠷ ᠬᠢᠬᠦ ᠥᠬᠡᠶ ᠪᠣᠯ ᠂ ᠮᠦᠨ ᠮᠠᠨ᠎ᠤ ᠤᠯᠤᠰ᠎ᠤᠨ ᠬᠢᠯᠢ ᠲᠤᠳᠤᠷ᠎ᠠ ᠬᠢᠵᠢᠭ ᠲᠡᠯᠭᠡᠷᠡᠬᠦ᠎ᠶᠢ ᠡᠬᠦᠰᠭᠡᠵᠦ ᠮᠡᠳᠡᠨ᠎ᠡ ᠃

︽ ᠣᠳᠣᠬᠠᠨ᠎ᠤ ᠪᠠᠶᠢᠳᠠᠯ᠎ᠡᠴᠠ ᠦᠵᠡᠪᠡᠯ ᠂ ᠠᠯᠢ ᠤᠯᠤᠰ᠎ᠤᠨ ᠸᠠᠺᠼᠢᠨ ᠴᠦ ᠲᠡᠷᠡ ᠂ ᠠᠯᠢ ᠲᠥᠷᠥᠯ᠎ᠤᠨ ᠸᠠᠺᠼᠢᠨ ᠴᠦ ᠭᠡᠰᠡᠨ ᠴᠥᠮ ᠡᠶᠢᠮᠦ ᠦᠵᠡᠭᠳᠡᠯ᠎ᠲᠠᠢ ᠪᠠᠶᠢᠳᠠᠭ ᠄ ᠬᠦᠨᠳᠦ ᠡᠪᠡᠳᠴᠢᠨ᠎ᠢ ᠤᠷᠢᠳᠴᠢᠯᠠᠨ ᠰᠡᠷᠭᠡᠶᠢᠯᠡᠬᠦ ᠦᠷ᠎ᠡ ᠪᠦᠲᠦᠮᠵᠢ᠎ᠪᠠᠷ ᠨᠡᠯᠢᠶᠡᠳ ᠰᠠᠶᠢᠨ ᠸᠠᠺᠼᠢᠨ᠎ᠤ ᠬᠠᠯᠳᠠᠪᠤᠷᠢᠯᠠᠭᠳᠠᠭᠰᠠᠨ ᠪᠠ ᠬᠥᠩᠭᠡᠨ ᠡᠪᠡᠳᠴᠢᠨ᠎ᠢ ᠤᠷᠢᠳᠴᠢᠯᠠᠨ ᠰᠡᠷᠭᠡᠶᠢᠯᠡᠬᠦ ᠦᠷ᠎ᠡ ᠪᠦᠲᠦᠮᠵᠢ᠎ᠨᠢ ᠬᠦᠨᠳᠦ ᠡᠪᠡᠳᠴᠢᠨ᠎ᠢ ᠤᠷᠢᠳᠴᠢᠯᠠᠨ ᠰᠡᠷᠭᠡᠶᠢᠯᠡᠬᠦ᠎ᠶᠢᠨ᠎ᠬᠢ ᠰᠢᠭ ᠲᠡᠶᠢᠮᠦ ᠰᠠᠶᠢᠨ ᠪᠢᠰᠢ ᠪᠠᠢᠳᠠᠭ ︾ ᠭᠡᠵᠤ ᠲᠢᠶᠠᠨ ᠰᠢᠶᠤᠤ ᠯᠢᠩ ᠬᠡᠯᠡᠨ᠎ᠡ ᠃ ᠲᠡᠭᠦᠨ᠎ᠤ ᠦᠵᠡᠬᠦ᠎ᠪᠠᠷ ᠂ ᠬᠡᠰᠡᠭ ᠬᠤᠭᠤᠴᠠᠭᠠᠨ᠎ᠤ ᠲᠤᠷᠰᠢ ᠬᠢᠯᠢ᠎ᠶᠢᠨ ᠭᠠᠳᠠᠨ᠎ᠠ ᠬᠥᠮᠦᠰ᠎ᠤᠨ ᠠᠩᠬᠠᠷᠤᠯ᠎ᠢ ᠣᠨᠴᠠᠭᠠᠶ ᠲᠠᠲᠠᠭᠰᠠᠨ ᠬᠡᠳᠦᠨ ᠤᠨᠳᠤᠤᠰᠢᠭᠰᠠᠨ ᠸᠢᠷᠦ᠋ᠰ ᠢᠯᠡᠷᠡᠵᠦ ᠂ ᠵᠠᠷᠢᠮ ᠤᠨᠳᠤᠤᠰᠢᠭᠰᠠᠨ ᠸᠢᠷᠦ᠋ᠰ᠎ᠨᠢ ᠸᠠᠺᠼᠢᠨ᠎ᠤ ᠬᠠᠮᠠᠭᠠᠯᠠᠯᠲᠠ᠎ᠶᠢᠨ ᠦᠷ᠎ᠡ ᠳ᠋ᠦᠩ᠎ᠳ᠋ᠤ ᠡᠳᠦᠶ ᠲᠡᠳᠦᠶ ᠨᠥᠯᠥᠭᠡ ᠦᠵᠡᠭᠦᠯᠵᠦ ᠂ ᠡᠲᠡᠭᠡᠷ ᠡᠯᠧᠮᠧᠨ᠋ᠲ᠎ᠢ ᠶᠡᠷᠦᠩᠬᠡᠶᠢᠯᠡᠨ ᠪᠣᠳᠣᠯᠬᠢᠯᠠᠵᠤ ᠦᠵᠡᠪᠡᠯ ᠂ ᠮᠠᠨ᠎ᠤ ᠤᠯᠤᠰ᠎ᠤᠨ ᠣᠳᠣᠬᠢ ᠱᠠᠲᠤᠨ᠎ᠤ ᠪᠠᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ᠎ᠳ᠋ᠤ ᠪᠠᠰᠠ ᠭᠠᠳᠠᠨ᠎ᠠ᠎ᠡᠴᠠ ᠬᠠᠯᠳᠠᠪᠤᠷᠢᠯᠠᠨ ᠣᠷᠣᠵᠤ ᠢᠷᠡᠬᠦ᠎ᠶᠢ ᠰᠡᠷᠭᠡᠶᠢᠯᠡᠬᠦ ᠂ ᠳᠣᠲᠣᠭᠠᠳᠤ᠎ᠳᠠᠭᠠᠨ ᠳᠠᠬᠢᠨ ᠡᠭᠦᠰᠬᠦ᠎ᠶᠢ ᠰᠡᠷᠭᠡᠶᠢᠯᠡᠬᠦ ᠡᠯ᠎ᠡ ᠵᠦᠶᠯ᠎ᠤᠨ ᠠᠷᠭ᠎ᠠ ᠬᠡᠮᠵᠢᠶ᠎ᠡ᠎ᠶᠢ ᠦᠷᠭᠦᠯᠵᠢᠯᠡᠨ ᠪᠠᠷᠢᠮᠲᠠᠯᠠᠵᠤ ᠂ ᠪᠥᠬᠥ ᠳᠡᠯᠡᠬᠡᠶ᠎ᠶᠢᠨ ᠬᠢᠵᠢᠭ᠎ᠤᠨ ᠪᠠᠶᠢᠳᠠᠯ ᠪᠣᠯᠤᠨ ᠮᠠᠨ᠎ᠤ ᠤᠯᠤᠰ᠎ᠤᠨ ᠸᠠᠺᠼᠢᠨ᠎ᠤ ᠲᠠᠷᠢᠯᠭ᠎ᠠ᠎ᠶᠢᠨ ᠪᠠᠶᠢᠳᠠᠯ᠎ᠢ ᠪᠠᠭᠲᠠᠭᠠᠭᠰᠠᠨ ᠪᠥᠬᠥ ᠳᠡᠯᠡᠬᠡᠶ᠎ᠶᠢᠨ ᠲᠠᠷᠢᠯᠭ᠎ᠠ᠎ᠶᠢᠨ ᠪᠠᠶᠢᠳᠠᠯ᠎ᠢ ᠦᠨᠳᠦᠰᠦᠯᠡᠨ ᠂ ᠬᠡᠰᠡᠭ ᠠᠷᠭ᠎ᠠ ᠬᠡᠮᠵᠢᠶ᠎ᠡ᠎ᠶᠢ ᠡᠮᠬᠢ ᠵᠢᠷᠤᠮ᠎ᠲᠠᠢ᠎ᠪᠠᠷ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠳᠡᠢ ᠃

ᠭᠠᠳᠠᠨ᠎ᠠ᠎ᠡᠴᠠ ᠬᠠᠯᠳᠠᠪᠤᠷᠢᠯᠠᠨ ᠣᠷᠣᠵᠤ ᠢᠷᠡᠬᠦ᠎ᠶᠢ ᠰᠡᠷᠭᠡᠶᠢᠯᠡᠬᠦ ᠲᠠᠯ᠎ᠠ᠎ᠪᠠᠷ ᠂ ᠬᠠᠮᠢᠶ᠎ᠠ ᠪᠥᠬᠥᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ ᠂ ᠬᠢᠯᠢ᠎ᠪᠠᠷ ᠤᠷᠤᠵᠤ ᠢᠷᠡᠭᠰᠡᠨ ᠬᠥᠮᠦᠰ᠎ᠤᠨ ᠡᠷᠡᠭᠦᠯ ᠬᠠᠮᠠᠭᠠᠯᠠᠯ ᠬᠢᠵᠢᠭ᠎ᠤᠨ ᠪᠠᠶᠢᠴᠠᠭᠠᠯᠳᠠ ᠂ ᠲᠥᠪᠯᠡᠷᠡᠭᠦᠯᠦᠨ ᠲᠤᠰᠠᠭᠠᠷᠯᠠᠵᠤ ᠠᠵᠢᠬᠯᠠᠬᠤ ᠪᠠ ᠪᠥᠭᠡᠮ ᠬᠦᠴᠢᠯ᠎ᠤᠨ ᠰᠢᠯᠭᠠᠨ ᠪᠠᠶᠢᠴᠠᠭᠠᠯᠲᠠ᠎ᠶᠢ ᠰᠠᠶᠢᠲᠤᠷ ᠬᠢᠵᠦ ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠬᠦ᠎ᠶᠢ ᠪᠡᠶᠡᠯᠡᠭᠦᠯᠬᠦ ᠬᠡᠷᠡᠭᠲᠡᠶ ︔ ᠸᠠᠺᠼᠢᠨ᠎ᠤ ᠲᠠᠷᠢᠯᠭ᠎ᠠ ᠬᠢᠭᠰᠡᠳ᠎ᠢ ᠰᠢᠯᠭᠠᠨ ᠪᠠᠶᠢᠴᠠᠭᠠᠬᠤ ᠪᠠ ᠲᠤᠰᠠᠭᠠᠷᠯᠠᠬᠤ᠎ᠡᠴᠠ ᠲᠦᠷ ᠬᠡᠯᠲᠦᠷᠢᠭᠦᠯᠬᠦ ᠠᠷᠭ᠎ᠠ ᠬᠡᠮᠵᠢᠶ᠎ᠡ ᠠᠪᠴᠤ ᠂ ᠬᠠᠤᠯᠢ ᠪᠤᠰᠤ᠎ᠪᠠᠷ ᠬᠢᠯᠢ ᠳᠠᠪᠠᠬᠤ ᠵᠠᠮ᠎ᠢ ᠪᠦᠲᠦᠮᠵᠢᠲᠡᠶ ᠲᠡᠰᠦᠯᠵᠦ ᠂ ᠬᠦᠮᠦᠨ ᠪᠤᠳᠠᠰ᠎ᠢ ᠵᠡᠷᠭᠡ᠎ᠪᠠᠷ ᠰᠡᠷᠭᠡᠶᠢᠯᠡᠬᠦ᠎ᠶᠢ ᠪᠠᠷᠢᠮᠲᠠᠯᠠᠬᠤ ᠬᠡᠷᠡᠭᠲᠡᠶ ᠃ ᠬᠤᠪᠢ ᠬᠥᠮᠦᠨ᠎ᠤ ᠰᠡᠷᠭᠡᠶᠢᠯᠡᠨ ᠡᠵᠡᠮᠳᠡᠬᠦ ᠲᠠᠯ᠎ᠠ᠎ᠪᠠᠷ ᠂ ᠤᠯᠤᠰ᠎ᠤᠨ ᠳᠣᠲᠣᠭᠠᠳᠤ᠎ᠶᠢᠨ ᠬᠥᠮᠦᠰ᠎ᠤᠨ ᠸᠠᠺᠼᠢᠨ᠎ᠤ ᠲᠠᠷᠢᠯᠭ᠎ᠠ᠎ᠨᠢ ᠨᠡᠯᠢᠶᠡᠳ ᠥᠨᠳᠥᠷ ᠡᠭᠡᠯᠢᠯᠡᠭᠡ᠎ᠶᠢᠨ ᠬᠠᠮᠠᠭᠠᠯᠠᠯᠲᠠ᠎ᠶᠢᠨ ᠲᠦᠪᠰᠢᠨ᠎ᠳ᠋ᠤ ᠬᠥᠷᠬᠥ᠎ᠡᠴᠠ ᠡᠮᠦᠨ᠎ᠡ ᠂ ᠣᠯᠠᠨ ᠲᠦᠮᠡᠨ ᠮᠥᠨ ᠴᠤ ︽ ᠠᠮᠠᠪᠴᠢ ᠵᠡᠬᠦᠬᠦ ᠂ ᠨᠢᠭᠡ ᠮᠧᠲ᠋ᠷ᠎ᠤᠨ ᠱᠤᠭᠤᠮ ᠂ ᠦᠷᠭᠦᠯᠵᠢ ᠭᠠᠷ᠎ᠢᠶᠡᠨ ᠤᠬᠢᠶᠠᠬᠤ ᠂ ᠦᠷᠭᠦᠯᠵᠢ ᠰᠠᠯᠬᠢ ᠨᠡᠪᠲᠡᠷᠡᠭᠦᠯᠬᠦ ︾ ᠰᠠᠶᠢᠨ ᠰᠠᠶᠢᠬᠠᠨ ᠬᠤᠪᠢ ᠬᠥᠮᠦᠨ᠎ᠤ ᠡᠷᠡᠭᠦᠯ ᠬᠠᠮᠠᠭᠠᠯᠠᠯ᠎ᠤᠨ ᠳᠠᠳᠬᠠᠯ᠎ᠢᠶᠡᠨ ᠪᠠᠷᠢᠮᠲᠠᠯᠠᠵᠤ ᠂ ᠸᠠᠺᠼᠢᠨ᠎ᠤ ᠲᠠᠷᠢᠯᠭ᠎ᠠ ᠬᠢᠭᠰᠡᠨ ᠡᠰᠡᠬᠦ ᠴᠥᠮ ᠡᠯ᠎ᠡ ᠭᠠᠵᠠᠷ᠎ᠤᠨ ᠬᠢᠵᠢᠭ᠎ᠢ ᠰᠡᠷᠭᠡᠶᠢᠯᠡᠨ ᠡᠵᠡᠮᠳᠡᠬᠦ ᠪᠣᠳᠠᠲᠠᠶ ᠱᠠᠭᠠᠷᠳᠠᠯᠭ᠎ᠠ᠎ᠶᠢ ᠤᠬᠠᠮᠰᠠᠷ᠎ᠡᠴᠠ᠎ᠪᠠᠨ ᠵᠢᠷᠤᠮᠯᠠᠬᠤ ᠬᠡᠷᠡᠭᠲᠡᠶ ᠭᠡᠵᠤ ᠲᠢᠶᠠᠨ ᠰᠢᠶᠤᠤ ᠯᠦᠩ ᠰᠠᠨᠠᠭᠤᠯᠵᠤ ᠪᠠᠢᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面