ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-04-27 09:18:03

ᠵᠣᠬᠢᠶᠠᠭ᠍ᠴᠢ᠄ ᠵᠠᠩ ᠸᠸᠨ ᠴᠢᠶᠠᠩ ᠣᠩᠱᠢᠭ᠍ᠰᠠᠨ ᠣᠳᠠᠭ᠎ᠠ᠄ 3

ᠵᠠᠩ ᠱᠤᠤ ᠴᠦᠨ ᠡᠸᠦ ᠶᠠᠩ ᠰᠢᠶᠤᠤ ᠬᠤᠢ ᠬᠤᠷᠠᠯ᠎ᠳ᠋ᠤ ᠣᠷᠣᠯᠴᠠᠪᠠ

4 ᠰᠠᠷ᠎ᠠ᠎ᠶᠢᠨ 25᠎ᠤ ᠦᠳᠡ᠎ᠶᠢᠨ ᠬᠣᠶᠢᠨ᠎ᠠ ᠂ ᠪᠦᠬᠦ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠠᠬᠢᠭᠤᠯᠬᠤ ᠵᠢᠴᠢ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠲᠧᠯᠸᠢᠰ ᠤᠲᠠᠰᠤ ᠬᠤᠷᠠᠯ ᠬᠥᠬᠡᠬᠣᠲᠠ᠎ᠳ᠋ᠤ ᠬᠤᠷᠠᠯᠳᠤᠵᠤ᠂ ᠪᠦᠬᠦ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠪᠠᠶᠢᠳᠠᠯ᠎ᠢ ᠮᠡᠳᠡᠭᠳᠡᠵᠦ᠂ ᠸᠠᠺᠼᠢᠨ᠎ᠤ ᠲᠠᠷᠢᠯᠭ᠎ᠠ ᠪᠠ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠳᠠᠷᠠᠭᠠᠴᠢ᠎ᠶᠢᠨ ᠠᠯᠬᠤᠮ᠎ᠤᠨ ᠠᠵᠢᠯ᠎ᠢ ᠰᠤᠳᠤᠯᠤᠨ ᠪᠠᠶᠢᠷᠢᠯᠠᠭᠤᠯᠪᠠ ᠃

ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠤᠳᠤᠷᠢᠳᠬᠤ ᠳᠤᠭᠤᠶᠢᠯᠠᠩ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶᠢᠩᠭᠤ᠎ᠶᠢᠨ ᠭᠡᠰᠢᠭᠦᠨ ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶᠢᠩᠭᠤ᠎ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠤᠳᠤᠷᠢᠳᠬᠤ ᠳᠤᠭᠤᠶᠢᠯᠠᠩ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠣᠶ ᠬᠤᠷᠠᠯ᠎ᠳ᠋ᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃

ᠬᠤᠷᠠᠯ᠎ᠡᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠰᠠᠶᠢᠲᠤᠷ ᠬᠢᠬᠦ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠵᠤ ᠂ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠲᠣᠬᠢᠷᠠᠭᠤᠯᠤᠯᠲᠠ ᠶᠣᠰᠣᠭᠠᠷ᠂ ᠰᠠᠨᠠᠭᠠᠴᠢᠯᠠᠭ᠎ᠠ᠎ᠡᠴᠠ᠎ᠪᠠᠨ ᠠᠵᠢᠯᠯᠠᠵᠤ ᠂ ᠵᠣᠬᠢᠶᠠᠨ ᠪᠠᠶᠢᠭᠤᠯᠵᠤ ᠳᠠᠶᠢᠴᠢᠯᠠᠬᠤ ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠬᠠᠭᠤᠯᠭ᠎ᠠ᠂ ᠦᠢᠯᠡᠴᠢᠯᠡᠭᠡᠨ᠎ᠤ ᠪᠠᠲᠤᠯᠠᠭ᠎ᠠ ᠵᠡᠷᠭᠡ ᠠᠵᠢᠯ᠎ᠢ ᠰᠠᠶᠢᠲᠤᠷ ᠬᠢᠵᠦ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠨ᠂ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶᠢ ᠪᠣᠳᠠᠲᠠᠶ᠎ᠳ᠋ᠤ ᠨᠠᠶᠢᠳᠠᠪᠤᠷᠢᠵᠢᠭᠤᠯᠬᠤ᠎ᠶᠢ ᠲᠦᠷᠭᠡᠳᠬᠡᠨ ᠠᠬᠢᠭᠤᠯᠵᠤ᠂ ᠸᠠᠺᠼᠢᠨ᠎ᠤ ᠲᠠᠷᠢᠯᠭ᠎ᠠ᠎ᠶᠢᠨ ᠡᠭᠦᠷᠭᠡ᠎ᠶᠢ ᠲᠣᠭᠲᠠᠭᠰᠠᠨ ᠬᠤᠭᠤᠴᠠᠭᠠᠨ᠎ᠳ᠋ᠤ ᠴᠢᠨᠠᠷ ᠰᠠᠶᠢᠲᠠᠶ ᠪᠡᠶᠡᠯᠡᠭᠦᠯᠬᠦ᠎ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃

ᠬᠤᠷᠠᠯ᠎ᠡᠴᠠ ᠂ ᠡᠯ᠎ᠡ ᠭᠠᠵᠠᠷ᠎ᠤᠨ᠎ᠬᠢᠨ ᠨᠢᠭᠡ ᠲᠠᠯ᠎ᠠ᠎ᠪᠠᠷ ᠸᠠᠺᠼᠢᠨ᠎ᠤ ᠲᠠᠷᠢᠯᠭ᠎ᠠ ᠬᠢᠬᠦ᠎ᠶᠢ ᠠᠳᠬᠤᠵᠤ᠂ ᠨᠥᠭᠥᠭᠡ ᠲᠠᠯ᠎ᠠ᠎ᠪᠠᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠶᠢ ᠠᠳᠬᠤᠵᠤ ᠂ ᠡᠯ᠎ᠡ ᠵᠦᠢᠯ᠎ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢᠨ ᠨᠠᠶᠢᠳᠠᠪᠤᠷᠢᠵᠢᠭᠤᠯᠤᠯᠲᠠ᠎ᠶᠢ ᠢᠮᠠᠭᠲᠠ ᠪᠣᠯᠭᠣᠮᠵᠢᠲᠠᠶ ᠰᠠᠶᠢᠲᠤᠷ ᠠᠳᠬᠤᠵᠤ᠂ ᠬᠢᠯᠪᠠᠷ ᠪᠤᠰᠤ᠎ᠪᠠᠷ ᠣᠯᠤᠭᠰᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ᠎ᠢᠶᠡᠨ ᠡᠷᠡᠰ ᠪᠡᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠦᠪᠦᠷ ᠮᠤᠩᠭᠤᠯ ‍ᠤᠨ ᠡᠳᠦᠷ ‍ᠤᠨ ᠰᠤᠨᠢᠨ
兼容浏览器的HTML页面