2021-05-06 09:58:35
ᠤᠢᠷ᠎ᠠ᠎ᠶᠢᠨ ᠬᠤᠭᠤᠴᠠᠭᠠᠨ᠎ᠳ᠋ᠤ ᠂ ᠰᠢᠯᠢ᠎ᠶᠢᠨ ᠭᠤᠤᠯ ᠠᠢᠮᠠᠭ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠳ᠋ᠤ ᠪᠠᠢᠷᠢᠯᠠᠭᠤᠯᠤᠯᠳᠠ ᠬᠢᠵᠦ ᠂ ᠠᠬᠢᠴᠠ᠎ᠶᠢ ᠲᠦᠷᠭᠡᠳᠭᠡᠭᠰᠡᠨ᠎ᠡᠴᠠ ᠨᠡᠢᠭᠡᠮ᠎ᠤᠨ ᠡᠯ᠎ᠠ ᠡᠳᠡᠭᠡᠳ᠎ᠤᠨ ᠤᠯᠠᠨ ᠲᠦᠮᠡᠨ ᠢᠳᠡᠪᠬᠢᠳᠡᠢ᠎ᠪᠠᠷ ᠲᠤᠭᠳᠠᠭᠰᠠᠨ ᠡᠮᠴᠢᠯᠡᠭᠡᠨ᠎ᠤ ᠪᠠᠢᠭᠤᠯᠤᠮᠵᠢ᠎ᠳ᠋ᠤ ᠬᠦᠷᠴᠤ ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠸᠠᠺᠼᠢᠨ ᠲᠠᠷᠢᠭᠤᠯᠵᠤ ᠪᠠᠢᠨ᠎ᠠ ᠃
ᠤᠢᠷ᠎ᠠ᠎ᠶᠢᠨ ᠬᠡᠳᠤᠨ ᠡᠳᠦᠷ ᠂ ᠰᠢᠯᠢ᠎ᠶᠢᠨ ᠭᠤᠤᠯ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠶᠢᠨ ᠬᠠᠷᠢᠶᠠᠲᠤ ᠡᠷᠡᠭᠦᠯᠵᠢᠯ᠎ᠤᠨ ᠡᠮᠨᠡᠯᠭᠡ᠎ᠶᠢᠨ ᠬᠤᠷᠢᠶ᠎ᠠ ᠶᠠᠭ ᠰᠤᠷᠤᠭᠴᠢᠳ᠎ᠢᠶᠡᠨ ᠵᠤᠬᠢᠶᠠᠨ ᠪᠠᠢᠭᠤᠯᠵᠤ ᠂ ᠪᠦᠯᠦᠭ ᠬᠤᠪᠢᠶᠠᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠤ ᠲᠠᠷᠢᠯᠭ᠎ᠠ ᠬᠢᠵᠤ ᠪᠠᠢᠨ᠎ᠠ ᠃ ᠡᠮᠴᠢᠯᠡᠭᠡᠨ᠎ᠤ ᠠᠵᠢᠯᠳᠠᠳ᠎ᠡᠴᠠ ᠤᠢᠯᠠᠭᠠᠭᠰᠠᠨ᠎ᠢᠶᠠᠷ ᠂ ᠤᠨᠴᠠ ᠵᠠᠷᠢᠮ ᠲᠠᠷᠢᠯᠭ᠎ᠠ ᠬᠢᠬᠦ ᠪᠠᠷᠢᠮᠵᠢᠶ᠎ᠠ᠎ᠳ᠋ᠤ ᠦᠯᠦ ᠨᠡᠢᠴᠡᠬᠦ ᠬᠦᠮᠦᠰ᠎ᠡᠴᠠ ᠭᠠᠳᠠᠨ᠎ᠠ ᠂ ᠵᠤᠡᠭᠬᠢᠯᠠᠬᠤ ᠰᠤᠷᠤᠭᠴᠢᠳ ᠨᠢᠭᠡᠨᠳᠡ ᠲᠠᠷᠢᠯᠭ᠎ᠠ ᠬᠢᠯᠭᠡᠬᠦ᠎ᠪᠠᠷ ᠨᠡᠷ᠎ᠡ ᠮᠡᠳᠡᠭᠦᠯᠵᠦ ᠂ ᠨᠢᠭᠡᠨᠳᠡ ᠲᠠᠷᠢᠯᠭ᠎ᠠ ᠬᠢᠯᠭᠡᠭᠰᠡᠨ ᠰᠤᠷᠤᠭᠴᠢᠳ᠎ᠤᠨ ᠲᠤᠮᠳᠠ ᠦᠯᠦ ᠵᠤᠬᠢᠴᠠᠬᠤ ᠪᠠᠢᠳᠠᠯ ᠡᠭᠦᠰᠦᠭᠰᠡᠨ ᠦᠭᠡᠢ ᠃
ᠰᠦᠨᠢᠳ ᠪᠠᠷᠠᠭᠤᠨ ᠬᠤᠰᠢᠭᠤᠨ᠎ᠤ ᠠᠷᠠᠳ᠎ᠤᠨ ᠡᠮᠨᠡᠯᠭᠡ᠎ᠶᠢᠨ ᠬᠤᠷᠢᠶᠠᠨ᠎ᠳ᠋ᠤ ᠲᠠᠷᠢᠯᠭ᠎ᠠ ᠬᠢᠯᠭᠡᠬᠦ ᠨᠦᠬᠦᠴᠡᠯ᠎ᠳ᠋ᠤ ᠨᠡᠢᠴᠡᠭᠰᠡᠨ ᠲᠤᠬᠠᠢ᠎ᠶᠢᠨ ᠭᠠᠵᠠᠷ᠎ᠤᠨ ᠤᠯᠠᠨ ᠲᠦᠮᠡᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠤ ᠲᠠᠷᠢᠯᠭ᠎ᠠ ᠬᠢᠯᠭᠡᠬᠦ᠎ᠪᠠᠷ ᠤᠷᠢᠳᠴᠢᠯᠡᠨ ᠪᠤᠯᠵᠤᠭᠠᠳ ᠲᠠᠷᠢᠯᠭ᠎ᠠ ᠭᠢᠯᠭᠡᠵᠦ ᠪᠤᠢ ᠃
ᠬᠤᠶᠠᠳᠤᠭᠠᠷ ᠤᠳᠠᠭᠠᠨ᠎ᠤ ᠲᠠᠷᠢᠯᠭ᠎ᠠ᠎ᠪᠠᠨ ᠬᠢᠯᠭᠡᠭᠰᠡᠨ ᠲᠤᠬᠠᠢ᠎ᠶᠢᠨ ᠭᠠᠵᠠᠷ᠎ᠤᠨ ᠰᠠᠭᠤᠭᠠᠯᠢ ᠠᠷᠠᠳ ᠯᠢᠦ ᠹᠸᠡᠭ ᠯᠢᠡᠭ ᠄ ︽ ᠪᠢ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠤ ᠲᠠᠷᠢᠯᠭ᠎ᠠ᠎ᠳ᠋ᠤ ᠮᠠᠰᠢ ᠢᠳᠡᠭᠡᠯ᠎ᠲᠠᠢ ᠪᠠᠢᠨ᠎ᠠ ᠂ ᠲᠠᠷᠢᠯᠭ᠎ᠠ ᠬᠢᠯᠭᠡᠬᠡᠳ ᠶᠠᠮᠠᠷ ᠴᠤ ᠬᠡᠪ᠎ᠤᠨ ᠪᠤᠰᠤ ᠢᠯᠡᠷᠡᠯ ᠭᠠᠷᠤᠭᠰᠠᠨ ᠦᠭᠡᠢ ᠃ ᠬᠢᠵᠢᠭ᠎ᠡᠴᠠ ᠰᠡᠷᠭᠡᠢᠯᠡᠬᠦ ᠸᠠᠺᠼᠢᠨ᠎ᠤ ᠲᠠᠷᠢᠯᠭ᠎ᠠ ᠭᠢᠯᠭᠡᠬᠦ᠎ᠨᠢ ᠦᠪᠡᠷ᠎ᠤᠨ ᠪᠡᠶᠡᠳ᠋ᠡᠭᠡᠨ ᠬᠠᠷᠢᠭᠤᠴᠠᠵᠤ ᠪᠠᠢᠬᠤ᠎ᠪᠠᠷ ᠪᠠᠷᠠᠬᠤ ᠭᠡᠷ ᠪᠦᠯᠢ ᠪᠤᠯᠤᠨ ᠨᠡᠢᠭᠡᠮ ᠨᠡᠢᠳᠡ᠎ᠳ᠋ᠤ ᠬᠠᠷᠢᠭᠤᠴᠠᠵᠤ ᠪᠠᠢᠨ᠎ᠠ ᠭᠡᠵᠤ ᠪᠢ ᠦᠵᠡᠨ᠎ᠡ ︾ ᠭᠡᠵᠥ ᠪᠠᠢᠯ᠎ᠠ ᠃
ᠤᠢᠯᠠᠭᠠᠭᠰᠠᠨ᠎ᠢᠶᠠᠷ ᠂ ᠰᠢᠯᠢ᠎ᠶᠢᠨ ᠭᠤᠤᠯ ᠠᠢᠮᠠᠭ᠎ᠤᠨ ᠡᠯ᠎ᠠ ᠭᠠᠵᠠᠷ ᠤᠷᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠤ ᠲᠠᠷᠢᠯᠭ᠎ᠠ ᠬᠢᠬᠦ ᠲᠤᠭᠳᠠᠭᠰᠠᠨ ᠡᠮᠴᠢᠯᠡᠭᠡᠨ᠎ᠤ ᠴᠡᠭ᠎ᠨᠢ ︽ ᠭᠤᠷᠪᠠ᠎ᠶᠢ ᠪᠠᠢᠴᠠᠭᠠᠵᠤ ᠲᠤᠯᠤᠭ᠎ᠠ᠎ᠶᠢ ᠬᠠᠷᠭᠤᠭᠤᠯᠤᠨ ᠨᠢᠭᠡ᠎ᠶᠢ ᠰᠢᠯᠭᠠᠨ ᠨᠤᠳᠠᠯᠠᠬᠤ ︾ ᠵᠠᠷᠴᠢᠮ᠎ᠢ ᠴᠢᠡᠭᠭ᠎ᠠ ᠵᠢᠷᠤᠮᠯᠠᠵᠤ ᠂ ᠲᠠᠷᠢᠯᠭ᠎ᠠ ᠬᠢᠯᠭᠡᠬᠦ ᠬᠦᠮᠦᠰ᠎ᠢ ᠰᠢᠯᠭᠠᠨ ᠪᠠᠢᠴᠠᠭᠠᠵᠤ ᠨᠤᠳᠠᠯᠠᠬᠤ ᠂ ᠮᠡᠳᠡᠭᠡ ᠵᠠᠡᠭᠭᠢ᠎ᠶᠢ ᠲᠠᠡᠭᠰᠠᠯᠠᠨ ᠲᠡᠮᠳᠡᠭᠯᠡᠬᠦ ᠂ ᠲᠠᠷᠢᠯᠭ᠎ᠠ ᠬᠢᠵᠤ ᠪᠠᠢᠴᠠᠭᠠᠨ ᠠᠵᠢᠬᠯᠠᠬᠤ ᠵᠡᠷᠭᠡ ᠶᠠᠪᠤᠴᠠ᠎ᠶᠢ ᠴᠦᠮ ᠡᠮᠬᠢ ᠲᠠᠷᠠᠭ᠎ᠠ᠎ᠲᠠᠢ ᠪᠦᠭᠡᠳ ᠠᠮᠤᠷ ᠲᠦᠪᠰᠢᠨ ᠶᠠᠪᠤᠭᠳᠠᠭᠤᠯᠬᠤ᠎ᠶᠢ ᠪᠠᠲᠤᠯᠠᠵᠤ ᠪᠠᠢᠨ᠎ᠠ ᠃ ᠡᠭᠦᠨ᠎ᠤ ᠬᠠᠮᠳᠤ ᠪᠠᠰᠠ ᠨᠠᠷᠢᠯᠢᠭ ᠬᠡᠮᠵᠢᠭᠦᠷᠯᠢᠭ ᠂ᠲᠠᠭᠠᠨ ᠮᠦᠷᠳᠡᠬᠦ ᠰᠢᠰᠲᠸᠮ᠎ᠢ ᠢᠵᠢ ᠪᠦᠷᠢᠳᠦᠭᠦᠯᠵᠦ ᠂ ᠬᠢᠵᠢᠭ᠎ᠢ ᠰᠡᠷᠭᠡᠢᠯᠡᠬᠦ ᠸᠠᠺᠼᠢᠨ᠎ᠢ ᠠᠮᠤᠷ ᠲᠦᠪᠰᠢᠨ᠎ᠢᠶᠠᠷ ᠬᠠᠳᠠᠭᠠᠯᠠᠬᠤ ᠂ ᠵᠦᠭᠡᠭᠡᠪᠦᠷᠢᠯᠡᠬᠦ ᠂ ᠬᠡᠷᠡᠭᠯᠡᠬᠦ᠎ᠳ᠋ᠤ ᠨᠦᠬᠦᠴᠡᠯ ᠪᠦᠷᠢᠯᠳᠤᠭᠦᠯᠦᠭᠰᠡᠡ ᠪᠠᠢᠨ᠎ᠠ ᠃
ᠰᠢᠯᠢ᠎ᠶᠢᠨ ᠭᠤᠤᠯ ᠠᠢᠮᠠᠭ᠎ᠤᠨ ᠬᠢᠵᠢᠭ᠎ᠢ ᠰᠡᠷᠭᠡᠢᠯᠡᠨ ᠡᠵᠡᠮᠳᠡᠬᠦ ᠲᠦᠪ᠎ᠤᠨ ᠲᠡᠳ᠋ ᠡᠷᠬᠢᠯᠡᠭᠴᠢ ᠲᠢᠶᠠᠨ ᠬᠠᠢ ᠪᠢᠨ ᠄ ︽ ᠸᠠᠺᠼᠢᠨ᠎ᠤ ᠲᠠᠷᠢᠯᠭ᠎ᠠ ᠬᠢᠬᠦ ᠪᠤᠯ ᠬᠢᠵᠢᠭ᠎ᠢ ᠰᠡᠷᠭᠡᠢᠯᠡᠬᠦ ᠬᠠᠮᠤᠭ ᠪᠦᠲᠦᠮᠵᠢᠲᠡᠢ ᠠᠷᠭ᠎ᠠ ᠠᠪᠴᠠᠯ ᠮᠦᠨ ᠂ ᠲᠠᠷᠢᠯᠭ᠎ᠠ ᠬᠢᠯᠭᠡᠬᠦ ᠨᠦᠬᠦᠴᠡᠯ᠎ᠳ᠋ᠤ ᠨᠡᠢᠴᠡᠬᠦ᠎ᠳ᠋ᠤ ᠯᠡ ᠬᠦᠷᠪᠡᠯ ᠴᠦᠮ ᠬᠢᠵᠢᠭ᠎ᠢ ᠰᠡᠷᠭᠡᠢᠯᠡᠬᠦ ᠲᠠᠷᠢᠯᠭ᠎ᠠ ᠬᠢᠯᠭᠡᠬᠦ᠎ᠨᠢ ᠵᠦᠢᠲᠡᠢ ᠂ ᠲᠠᠷᠢᠯᠭ᠎ᠠ ᠬᠢᠯᠭᠡᠭᠰᠡᠨ ᠬᠦᠮᠦᠨ ᠬᠡᠳᠦᠢ ᠤᠯᠠᠨ ᠪᠤᠯ ᠦᠯᠤ ᠬᠠᠯᠳᠠᠭᠠᠬᠤ ᠬᠠᠯᠬᠠᠪᠴᠢ ᠲᠡᠳᠤᠢ ᠪᠠᠳᠤ ᠪᠡᠬᠢ ᠪᠤᠯᠵᠤ ᠂ ᠬᠡᠳᠤᠢ ᠬᠤᠷᠳᠤᠨ ᠲᠠᠷᠢᠯᠭ᠎ᠠ ᠬᠢᠯᠭᠡᠪᠡᠯ ᠲᠡᠳᠤᠢ ᠡᠷᠳᠡ ᠡᠨᠡ ᠬᠦ ᠦᠯᠦ ᠬᠠᠯᠳᠠᠭᠠᠬᠤ ᠬᠠᠯᠬᠠᠪᠴᠢ᠎ᠶᠢ ᠪᠠᠢᠭᠤᠯᠵᠤ ᠲᠡᠢᠯᠤᠨ᠎ᠠ ︾ ᠬᠡᠵᠥ ᠲᠡᠨᠢᠯᠴᠠᠭᠤᠯᠤᠯ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃