2021-05-04 18:58:54
ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠰᠠᠯᠠᠭ᠎ᠠ᠎ᠶᠢᠨ ᠳᠠᠷᠤᠭ᠎ᠠ ᠲᠢᠶᠠᠨ ᠰᠢᠶᠣᠤ ᠯᠢᠩ᠎ᠢ ᠰᠤᠷᠪᠤᠯᠵᠢᠯᠠᠭᠰᠠᠨ᠎ᠨᠢ
ᠣᠳᠣᠬᠠᠨ᠎ᠳ᠋ᠤ 18 ᠨᠠᠰᠤᠨ᠎ᠡᠴᠠ ᠳᠡᠭᠡᠭᠰᠢᠬᠢ ᠬᠥᠮᠦᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ ᠶᠠᠭ ᠬᠥᠭᠵᠢᠶᠡᠨ᠎ᠲᠠᠢ ᠶᠠᠪᠤᠭᠳᠠᠵᠤ ᠪᠠᠶᠢᠨ᠎ᠠ ᠂ ᠲᠡᠭᠡᠪᠡᠯ ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠭᠰᠡᠨ᠎ᠤ ᠳᠠᠷᠠᠭ᠎ᠠ ᠪᠠᠰᠠ ᠪᠥᠭᠡᠮ ᠬᠦᠴᠢᠯ᠎ᠤᠨ ᠪᠠᠶᠢᠴᠠᠭᠠᠯᠲᠠ ᠬᠢᠬᠦ ᠴᠢᠬᠤᠯᠠᠲᠠᠢ ᠤᠤ ︖ ᠲᠠᠷᠢᠯᠭ᠎ᠠ ᠬᠢᠭᠰᠡᠨ ᠭᠡᠷᠡᠴᠢ᠎ᠨᠢ ᠪᠥᠭᠡᠮ ᠬᠦᠴᠢᠯ᠎ᠤᠨ ᠪᠠᠶᠢᠴᠠᠭᠠᠯᠲᠠ᠎ᠶᠢᠨ ᠮᠡᠳᠡᠭᠦᠯᠦᠯᠲᠡ᠎ᠶᠢ ᠣᠷᠣᠯᠠᠵᠤ ᠲᠠᠶᠢᠯᠤᠨ᠎ᠠ ᠦᠦ ︖ ᠡᠶᠢᠮᠦᠷᠬᠦᠦ ᠡᠷᠡᠭᠡᠯᠵᠡᠯ᠎ᠳ᠋ᠤ ᠴᠢᠭᠯᠡᠭᠦᠯᠦᠨ ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠰᠠᠯᠠᠭ᠎ᠠ᠎ᠶᠢᠨ ᠳᠠᠷᠤᠭ᠎ᠠ ᠲᠢᠶᠠᠨ ᠰᠢᠶᠤᠤ ᠯᠢᠩ ᠲᠣᠳᠣᠷᠬᠠᠶ ᠬᠠᠷᠢᠭᠤᠯᠲᠠ ᠦᠭᠭᠦᠯ᠎ᠡ ᠃
︽ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠭᠰᠠᠨ᠎ᠤ ᠳᠠᠷᠠᠭ᠎ᠠ ᠪᠥᠭᠡᠮ ᠬᠦᠴᠢᠯ᠎ᠤᠨ ᠪᠠᠶᠢᠴᠠᠭᠠᠯᠲᠠ᠎ᠶᠢᠨ ᠠᠵᠢᠯ᠎ᠢ ᠮᠦᠨ ᠰᠠᠶᠢᠲᠤᠷ ᠬᠢᠬᠦ ᠬᠡᠷᠡᠭᠲᠡᠶ ︾ ᠃ ᠲᠢᠶᠠᠨ ᠰᠢᠶᠤᠤ ᠯᠢᠩ᠎ᠤᠨ ᠦᠵᠡᠬᠦ᠎ᠪᠠᠷ ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠭᠰᠠᠨ᠎ᠤ ᠳᠠᠷᠠᠭ᠎ᠠ ᠂ ᠣᠨᠴᠠ ᠵᠠᠷᠢᠮ ᠬᠥᠮᠦᠨ ᠡᠭᠡᠯᠢᠯᠡᠭᠡ᠎ᠶᠢᠨ ᠠᠵᠢᠯᠯᠠᠭ᠎ᠠ ᠢᠯᠠᠭᠳᠠᠭᠰᠠᠨ᠎ᠡᠴᠠ ᠪᠣᠯᠵᠣ ᠪᠦᠲᠦᠮᠵᠢᠲᠡᠶ ᠬᠠᠮᠠᠭᠠᠯᠠᠯᠲᠠ ᠭᠥᠷᠳᠡᠵᠦ ᠳᠡᠢᠯᠬᠦ ᠦᠭᠡᠢ ᠂ ᠡᠲᠡᠭᠡᠷ ᠬᠥᠮᠦᠰ ᠰᠢᠨ᠎ᠡ ᠲᠢᠳᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠨ᠎ᠡᠴᠠ ᠪᠣᠯᠵᠣ ᠪᠥᠭᠡᠮ ᠬᠦᠴᠢᠯ᠎ᠤᠨ ᠪᠠᠢᠴᠠᠭᠠᠯᠲᠠ᠎ᠨᠢ ᠠᠷᠭ᠎ᠠ ᠴᠢᠨᠠᠷᠲᠠᠶ ᠪᠤᠯᠬᠤ ᠪᠤᠶᠤ ᠡᠪᠡᠳᠴᠢᠨ ᠡᠭᠦᠰᠬᠦ ᠪᠣᠯᠤᠮᠵᠢ᠎ᠲᠠᠢ ᠃
ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠭᠰᠠᠨ᠎ᠤ ᠳᠠᠷᠠᠭ᠎ᠠ ᠂ ᠬᠥᠮᠦᠨ᠎ᠤ ᠪᠡᠶ᠎ᠡ ᠬᠡᠰᠡᠭ ᠬᠤᠭᠤᠴᠠᠭ᠎ᠠ ᠥᠩᠭᠡᠷᠡᠪᠡᠯ ᠰᠠᠶᠢ ᠬᠠᠮᠠᠭᠠᠯᠠᠬᠤ ᠦᠷ᠎ᠡ ᠳ᠋ᠦᠩ ᠭᠠᠷᠳᠠᠭ ᠃ ᠬᠡᠷᠪᠡ ᠡᠨᠡ ᠬᠦ ᠬᠤᠭᠤᠴᠠᠭᠠᠨ᠎ᠳ᠋ᠤ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠪᠠᠯ ᠪᠥᠭᠡᠮ ᠬᠦᠴᠢᠯ᠎ᠤᠨ ᠪᠠᠢᠴᠠᠭᠠᠯᠲᠠ ᠠᠷᠭ᠎ᠠ ᠴᠢᠨᠠᠷᠲᠠᠶ ᠪᠤᠯᠬᠤ ᠪᠤᠶᠤ ᠡᠪᠡᠳᠴᠢᠨ ᠡᠭᠦᠰᠦᠭᠰᠡᠨ᠎ᠢ ᠪᠠᠶᠢᠴᠠᠭᠠᠨ ᠭᠠᠷᠭᠠᠵᠤ ᠮᠡᠳᠡᠨ᠎ᠡ ᠃ ᠳᠠᠬᠢᠭᠠᠳ ᠬᠡᠯᠡᠪᠡᠯ ᠂ ᠡᠪᠡᠳᠴᠢᠨ ᠡᠮᠭᠡᠭ᠎ᠤᠨ ᠨᠢᠭᠤᠭᠳᠠᠮᠠᠯ ᠬᠤᠭᠤᠴᠠᠭᠠᠨ᠎ᠳ᠋ᠤ ᠪᠠᠶᠢᠭ᠎ᠠ ᠡᠪᠡᠳᠴᠢᠲᠡᠨ ᠪᠤᠶᠤ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠰᠠᠳ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠳᠠᠷᠢᠭᠰᠠᠨ ᠴᠤ ᠨᠢᠭᠡᠨᠲᠡ ᠬᠠᠯᠳᠠᠪᠤᠷᠢᠯᠠᠭᠳᠠᠭᠰᠠᠨ᠎ᠡᠴᠠ ᠪᠣᠯᠵᠣ ᠂ ᠪᠥᠭᠡᠮ ᠬᠦᠴᠢᠯ᠎ᠤᠨ ᠪᠠᠢᠴᠠᠭᠠᠯᠲᠠ᠎ᠨᠢ ᠠᠷᠭ᠎ᠠ ᠴᠢᠨᠠᠷᠲᠠᠢ ᠪᠤᠯᠬᠤ ᠪᠤᠶᠤ ᠡᠪᠡᠳᠴᠢᠨ ᠡᠭᠦᠰᠦᠭᠰᠡᠨ᠎ᠢ ᠪᠠᠶᠢᠴᠠᠭᠠᠨ ᠭᠠᠷᠭᠠᠵᠤ ᠮᠡᠳᠡᠨ᠎ᠡ ᠭᠡᠵᠦ ᠲᠢᠶᠠᠨ ᠰᠢᠶᠤᠤ ᠯᠢᠩ ᠤᠨᠴᠠᠭᠠᠢᠯᠠᠨ ᠵᠢᠭᠠᠵᠤ ᠭᠠᠷᠭᠠᠪᠠ ᠃
︽ ᠡᠭᠦᠨ᠎ᠳ᠋ᠤ ᠰᠠᠭᠤᠷᠢᠯᠠᠨ ᠂ ᠳᠡᠭᠡᠷ᠎ᠡ ᠳᠤᠷᠠᠳᠤᠭᠰᠠᠨ ᠬᠥᠮᠦᠰ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠠᠯᠳᠠᠪᠤᠷᠢᠯᠠᠭᠳᠠᠭᠴᠢ ᠪᠣᠯᠵᠣ ᠮᠡᠳᠡᠨ᠎ᠡ ᠃ ᠡᠶᠢᠮᠦ᠎ᠡᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠳᠤᠮᠳᠠ ᠂ ᠬᠡᠷᠪᠡ ᠪᠥᠭᠡᠮ ᠬᠦᠴᠢᠯ᠎ᠤᠨ ᠰᠢᠭᠰᠢᠨ ᠪᠠᠶᠢᠴᠠᠭᠠᠯᠲᠠ ᠬᠢᠬᠦ ᠴᠢᠬᠤᠯᠠᠲᠠᠶ ᠦᠶ᠎ᠡ᠎ᠳ᠋ᠤ ᠣᠯᠠᠨ ᠲᠦᠮᠡᠨ ᠪᠠᠰᠠ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠵᠢᠯᠴᠠᠨ ᠪᠥᠭᠡᠮ ᠬᠦᠴᠢᠯ᠎ᠤᠨ ᠪᠠᠶᠢᠴᠠᠭᠠᠯᠲᠠ ᠬᠢᠬᠦ ᠬᠡᠷᠡᠭᠲᠡᠶ ᠃ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠭᠰᠡᠨ ᠭᠡᠷᠡᠴᠢ᠎ᠪᠠᠷ ᠪᠥᠭᠡᠮ ᠬᠦᠴᠢᠯ᠎ᠤᠨ ᠪᠠᠶᠢᠴᠠᠭᠠᠯᠲᠠ᠎ᠶᠢᠨ ᠮᠡᠳᠡᠭᠦᠯᠦᠯᠲᠡ᠎ᠶᠢ ᠣᠷᠣᠯᠠᠭᠤᠯᠵᠤ ᠪᠣᠯᠬᠤ ᠥᠬᠡᠶ ︾ ᠭᠡᠵᠦ ᠲᠢᠶᠠᠨ ᠰᠢᠶᠤᠤ ᠯᠢᠩ ᠬᠡᠯᠡᠪᠡ ᠃
ᠡᠭᠦᠨ᠎ᠡᠴᠠ ᠭᠠᠳᠠᠨ᠎ᠠ ᠂ ᠰᠢᠨ᠎ᠡ ᠲᠢᠲᠢᠮᠯᠢᠭ ᠸᠢᠷᠦ᠋ᠰ᠎ᠤᠨ ᠤᠨᠳᠤᠤᠰᠢᠯ ᠭᠠᠷᠤᠭᠰᠠᠨ᠎ᠤ ᠳᠠᠷᠠᠭ᠎ᠠ ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠪᠠᠯ ᠦᠶᠯᠡᠳᠦᠯ ᠦᠵᠡᠭᠦᠯᠵᠦ ᠴᠢᠳᠠᠬᠤ ᠡᠰᠡᠬᠦ ᠠᠰᠠᠭᠤᠳᠠᠯ᠎ᠳ᠋ᠤ ᠴᠢᠭᠯᠡᠭᠦᠯᠦᠨ ᠂ ᠪᠥᠬᠥ ᠳᠡᠯᠡᠬᠡᠶ᠎ᠶᠢᠨ ᠰᠢᠨ᠎ᠡ ᠲᠢᠲᠢᠮᠯᠢᠭ ᠸᠢᠷᠦ᠋ᠰ᠎ᠤᠨ ᠤᠨᠳᠤᠤᠰᠢᠯᠢ ᠬᠢᠨᠠᠨ ᠬᠡᠮᠵᠢᠭᠰᠡᠨ ᠪᠠᠶᠢᠳᠠᠯ᠎ᠡᠴᠠ ᠦᠵᠡᠪᠡᠯ ᠂ ᠣᠳᠣᠬᠠᠨ᠎ᠳ᠋ᠤ ᠸᠢᠷᠦ᠋ᠰ᠎ᠤᠨ ᠤᠨᠳᠤᠤᠰᠢᠯ᠎ᠨᠢ ᠣᠲᠣ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠬᠦᠴᠦᠨ ᠥᠬᠡᠶ ᠪᠣᠯᠭᠠᠨ᠎ᠠ ᠭᠡᠳᠡᠭ᠎ᠢ ᠭᠡᠷᠡᠴᠢᠯᠡᠬᠦ ᠭᠡᠷᠡᠴᠢ ᠪᠠᠷᠢᠮᠲᠠ ᠬᠠᠷᠠᠬᠠᠨ ᠥᠬᠡᠶ ᠪᠠᠶᠢᠭᠰᠠᠭᠠᠷ ᠃ ᠸᠢᠷᠦ᠋ᠰ ᠪᠣᠯ ᠬᠠᠮᠤᠭ᠎ᠤᠨ ᠲᠥᠬᠥᠮ ᠠᠮᠢᠳᠤ ᠪᠣᠳᠠᠰ᠎ᠤᠨ ᠨᠢᠭᠡ ᠂ ᠲᠡᠭᠦᠨ᠎ᠤ ᠦᠷᠡᠵᠢᠯ᠎ᠨᠢ ᠠᠮᠢᠳᠤ ᠡᠰᠲᠤ ᠲᠦᠰᠢᠭᠯᠡᠨ᠎ᠡ ᠃ ᠦᠷᠡᠵᠢᠬᠦ ᠶᠠᠪᠤᠴᠠ᠎ᠳ᠋ᠤ ᠸᠢᠷᠦ᠋ᠰ ᠦᠷᠭᠦᠯᠵᠢ ᠤᠨᠳᠤᠤᠰᠢᠯ ᠡᠭᠦᠰᠳᠡᠭ ᠭᠡᠵᠦ ᠲᠢᠶᠠᠨ ᠰᠢᠶᠤᠤ ᠯᠢᠩ ᠢᠯᠡᠷᠬᠡᠢᠯᠡᠪᠡ ᠃
︽ ᠣᠳᠣᠬᠠᠨ᠎ᠳ᠋ᠤ ᠳᠡᠯᠡᠬᠡᠶ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠶᠢᠭᠤᠯᠤᠯᠲᠠ ᠂ ᠡᠯ᠎ᠡ ᠤᠯᠤᠰ᠎ᠤᠨ ᠰᠤᠳᠤᠯᠭᠠᠨ᠎ᠤ ᠪᠠᠶᠢᠭᠤᠯᠤᠮᠵᠢ ᠂ ᠸᠠᠺᠼᠢᠨ ᠦᠶᠯᠡᠳᠪᠦᠷᠢᠯᠡᠬᠦ ᠠᠵᠤ ᠠᠬᠤᠶᠢᠯᠠᠯ ᠵᠡᠷᠭᠡ᠎ᠨᠢ ᠴᠥᠮ ᠰᠢᠨ᠎ᠡ ᠲᠢᠲᠢᠮᠯᠢᠭ ᠸᠢᠷᠦ᠋ᠰ᠎ᠤᠨ ᠤᠨᠳᠤᠤᠰᠢᠯ᠎ᠤᠨ ᠪᠠᠶᠢᠳᠠᠯ᠎ᠢ ᠨᠢᠭᠲᠠ ᠠᠩᠬᠠᠷᠴᠤ ᠪᠠᠶᠢᠬᠤ ᠪᠥᠭᠡᠳ ᠪᠠᠰᠠ ᠬᠣᠯᠪᠣᠭᠳᠠᠯ ᠪᠥᠬᠥᠶ ᠰᠤᠳᠤᠯᠭᠠᠨ᠎ᠢ ᠥᠷᠨᠢᠭᠦᠯᠵᠦ ᠪᠠᠶᠢᠨ᠎ᠠ ᠂ ᠡᠨᠡ᠎ᠨᠢ ᠲᠠᠷᠠᠭᠠᠴᠢ᠎ᠶᠢᠨ ᠸᠠᠺᠼᠢᠨ᠎ᠢ ᠰᠤᠳᠤᠯᠤᠨ ᠨᠡᠭᠡᠭᠡᠬᠦ ᠵᠢᠴᠢ ᠬᠡᠷᠡᠭᠯᠡᠭᠡᠨ᠎ᠳ᠋ᠤ ᠤᠷᠢᠳᠴᠢᠯᠠᠨ ᠰᠡᠷᠡᠮᠵᠢᠯᠡᠭᠦᠯᠬᠦ ᠪᠠ ᠰᠢᠨᠵᠢᠯᠡᠬᠦ ᠤᠬᠠᠭᠠᠨᠴᠢ ᠵᠠᠳᠠᠯᠤᠯᠲᠠ ᠬᠢᠬᠦ ᠦᠨᠳᠦᠰᠦᠯᠡᠯ ᠬᠠᠩᠭᠠᠬᠤ ᠪᠣᠯᠤᠨ᠎ᠠ ︾ ᠭᠡᠵᠦ ᠲᠢᠶᠠᠨ ᠰᠢᠶᠤᠤ ᠯᠢᠩ ᠬᠡᠯᠡᠨ᠎ᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃