2021-05-18 09:03:05
ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠬᠠᠯᠳᠠᠪᠤᠷᠢᠳᠦ ᠡᠪᠡᠳᠴᠢᠨ᠎ᠢ ᠰᠡᠷᠭᠡᠢᠯᠡᠨ ᠡᠵᠡᠮᠳᠡᠬᠦ ᠬᠣᠶᠠᠳᠤᠭᠠᠷ ᠭᠠᠵᠠᠷ᠎ᠤᠨ ᠳᠡᠳ᠋ ᠳᠠᠷᠤᠭ᠎ᠠ ᠶᠠᠨ ᠱᠤᠤ ᠬᠣᠩ᠎ᠢ ᠰᠤᠷᠪᠤᠯᠵᠢᠯᠠᠭᠰᠠᠨ᠎ᠨᠢ
︽ ᠸᠠᠺᠼᠢᠨ᠎ᠤ ᠲᠠᠷᠢᠯᠭ᠎ᠠ ᠬᠢᠬᠦ ᠪᠣᠯ ᠰᠦᠷᠦᠭᠵᠢᠯ᠎ᠤᠨ ᠡᠭᠡᠯᠢᠯᠡᠭᠡ᠎ᠶᠢᠨ ᠬᠠᠮᠤᠭ᠎ᠤᠨ ᠥᠨᠳᠥᠷ ᠪᠦᠲᠦᠮᠵᠢᠲᠡᠶ ᠠᠷᠭ᠎ᠠ ᠬᠡᠯᠪᠡᠷᠢ ᠪᠣᠯᠬᠤ ᠪᠥᠭᠡᠳ ᠬᠠᠮᠤᠭ᠎ᠤᠨ ᠠᠮᠤᠷ ᠲᠦᠪᠰᠢᠨ ᠪᠠᠶᠢᠳᠠᠭ ᠃ ᠣᠳᠣᠬᠠᠨ᠎ᠤ ᠳᠡᠯᠡᠬᠡᠶ᠎ᠶᠢᠨ ᠡᠯ᠎ᠡ ᠭᠠᠵᠠᠷ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠳᠠᠬᠢᠨ ᠳᠡᠯᠭᠡᠷᠡᠵᠦ ᠪᠠᠶᠢᠭ᠎ᠠ ᠬᠢᠵᠢᠭ᠎ᠤᠨ ᠪᠠᠶᠢᠳᠠᠯ᠎ᠤᠨ ᠡᠮᠦᠨ᠎ᠡ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠲᠠᠷᠢᠯᠭ᠎ᠠ ᠬᠢᠬᠦ ᠨᠣᠷᠮ᠎ᠠ᠎ᠶᠢ ᠳᠡᠭᠡᠭᠰᠢᠯᠡᠭᠦᠯᠵᠦ ᠂ ᠬᠥᠮᠦᠰ᠎ᠤᠨ ᠡᠭᠡᠯᠢᠯᠡᠭᠡ᠎ᠶᠢᠨ ᠪᠠᠶᠢᠳᠠᠯ᠎ᠢ ᠠᠯᠢ ᠲᠦᠷᠭᠡᠨ᠎ᠢᠶᠠᠷ ᠪᠦᠷᠢᠯᠳᠦᠭᠦᠯᠬᠦ᠎ᠨᠢ ᠲᠤᠶᠢᠯ᠎ᠤᠨ ᠴᠢᠬᠤᠯᠠ ᠶᠤᠮ ︾ ᠭᠡᠵᠦ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠬᠠᠯᠳᠠᠪᠤᠷᠢᠳᠦ ᠡᠪᠡᠳᠴᠢᠨ᠎ᠢ ᠰᠡᠷᠭᠡᠢᠯᠡᠨ ᠡᠵᠡᠮᠳᠡᠬᠦ ᠬᠣᠶᠠᠳᠤᠭᠠᠷ ᠭᠠᠵᠠᠷ᠎ᠤᠨ ᠳᠡᠳ᠋ ᠳᠠᠷᠤᠭ᠎ᠠ ᠶᠠᠨ ᠱᠤᠤ ᠬᠣᠩ ᠬᠡᠯᠡᠪᠡ᠃
ᠲᠡᠭᠡᠪᠡᠯ ᠶᠠᠭᠤ᠎ᠶᠢ ᠰᠦᠷᠦᠭᠵᠢᠯ᠎ᠤᠨ ᠡᠭᠡᠯᠢᠯᠡᠭᠡ ᠭᠡᠬᠦ ᠪᠣᠶ᠂ ᠶᠠᠭᠠᠬᠢᠪᠠᠯ ᠰᠠᠶᠢ ᠰᠦᠷᠦᠭᠵᠢᠯ᠎ᠤᠨ ᠡᠭᠡᠯᠢᠯᠡᠭᠡ᠎ᠶᠢ ᠪᠡᠶᠡᠯᠡᠭᠦᠯᠵᠦ ᠴᠢᠳᠠᠬᠤ ᠪᠣᠶ︖
︽ ᠰᠦᠷᠦᠭᠵᠢᠯ᠎ᠤᠨ ᠡᠭᠡᠯᠢᠯᠡᠭᠡ ᠭᠡᠳᠡᠭ᠎ᠨᠢ ᠬᠥᠮᠤᠨ ᠪᠤᠶᠤ ᠠᠮᠢᠳᠠᠨ᠎ᠤ ᠬᠠᠯᠳᠠᠪᠤᠷᠢᠯᠠᠯ᠎ᠢ ᠡᠰᠡᠷᠭᠦᠴᠡᠬᠦ ᠴᠢᠳᠠᠪᠤᠷᠢ᠎ᠶᠢ ᠵᠢᠭᠠᠵᠤ ᠪᠠᠶᠢᠨ᠎ᠠ ᠂ ᠰᠦᠷᠦᠭᠵᠢᠯ᠎ᠤᠨ ᠡᠭᠡᠯᠢᠯᠡᠭᠡ᠎ᠶᠢᠨ ᠬᠢᠷᠢ ᠲᠦᠪᠰᠢᠨ ᠥᠨᠳᠥᠷ ᠪᠤᠯ ᠂ ᠰᠦᠷᠦᠭᠵᠢᠯ᠎ᠤᠨ ᠳᠣᠲᠣᠷᠠᠬᠢ ᠬᠠᠯᠳᠠᠪᠤᠷᠢᠯᠠᠬᠤ᠎ᠶᠢ ᠡᠰᠡᠷᠭᠦᠴᠡᠬᠦ ᠴᠢᠳᠠᠪᠤᠷᠢ᠎ᠲᠠᠢ ᠠᠮᠢᠲᠠᠨ᠎ᠤ ᠵᠠᠭᠤᠨ᠎ᠤ ᠬᠠᠷᠢᠴᠠᠯ᠎ᠨᠢ ᠥᠨᠳᠥᠷ ᠭᠡᠰᠡᠨ᠎ᠢ ᠬᠠᠷᠠᠭᠤᠯᠵᠦ ᠪᠠᠢᠨ᠎ᠠ ᠃ ᠤᠴᠢᠷ᠎ᠨᠢ ᠡᠪᠡᠳᠴᠢᠨ ᠡᠮᠭᠡᠭ ᠳᠡᠯᠭᠡᠷᠡᠬᠦ ᠪᠣᠯᠤᠮᠵᠢ᠎ᠨᠢ ᠬᠥᠮᠦᠨ ᠪᠤᠶᠤ ᠠᠮᠢᠲᠠᠨ᠎ᠤ ᠰᠦᠷᠦᠭᠵᠢᠯ᠎ᠤᠨ ᠳᠣᠲᠣᠷᠠᠬᠢ ᠡᠰᠡᠷᠭᠦᠴᠡᠬᠦ ᠴᠢᠳᠠᠪᠤᠷᠢ᠎ᠲᠠᠢ ᠪᠣᠳᠠᠭᠠᠯᠢ ᠪᠡᠶ᠎ᠡ᠎ᠶᠢᠨ ᠲᠣᠭ᠎ᠠ᠎ᠪᠠᠷ ᠲᠣᠭᠳᠠᠭᠠᠭᠳᠠᠬᠤ ᠪᠦᠬᠡᠳ ᠪᠠᠰᠠ ᠬᠥᠮᠦᠨ ᠪᠤᠶᠤ ᠠᠮᠢᠲᠠᠨ᠎ᠤ ᠰᠦᠷᠦᠭᠵᠢᠯ᠎ᠤᠨ ᠳᠣᠲᠣᠷᠠᠬᠢ ᠪᠣᠳᠠᠭᠠᠯᠢ ᠪᠡᠶ᠎ᠡ᠎ᠶᠢᠨ ᠬᠣᠭᠣᠷᠣᠨᠳᠣᠬᠢ ᠬᠦᠷᠦᠯᠴᠡᠬᠦ ᠳᠠᠪᠲᠠᠮᠵᠢᠯᠤᠭᠠ ᠬᠣᠯᠪᠣᠭ᠎ᠠ᠎ᠲᠠᠢ ᠪᠠᠶᠢᠳᠠᠭ ᠃ ᠬᠡᠷᠪᠡ ᠰᠦᠷᠦᠭᠵᠢᠯ᠎ᠤᠨ ᠳᠣᠲᠣᠷᠠᠬᠢ 80%᠎ᠡᠴᠠ ᠳᠡᠭᠡᠭᠰᠢᠬᠢ ᠬᠥᠮᠦᠨ ᠪᠤᠶᠤ ᠠᠮᠢᠲᠠᠨ ᠡᠰᠡᠷᠭᠦᠴᠡᠬᠦ ᠴᠢᠳᠠᠪᠤᠷᠢ᠎ᠲᠠᠢ ᠪᠣᠯ ᠳᠠᠷᠤᠶ ᠶᠡᠬᠡ ᠬᠡᠪᠴᠢᠶ᠎ᠡ᠎ᠪᠠᠷ ᠳᠡᠯᠭᠡᠷᠡᠬᠦ ᠦᠭᠡᠢ ᠶᠤᠮ ︾ ᠭᠡᠵᠦ ᠶᠠᠨ ᠱᠤᠤ ᠬᠣᠩ ᠲᠠᠶᠢᠯᠪᠤᠷᠢᠯᠠᠨ᠎ᠠ ᠃
ᠮᠠᠨ᠎ᠤ ᠤᠯᠤᠰ ᠬᠡᠳᠦᠶᠢᠪᠡᠷ ᠣᠳᠣᠬᠠᠨ᠎ᠳ᠋ᠤ ᠪᠦᠬᠦ ᠳᠡᠯᠡᠭᠡᠢ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠳᠣᠣᠷ᠎ᠠ ᠳᠡᠯᠭᠡᠷᠡᠵᠦ ᠪᠠᠶᠢᠭ᠎ᠠ ᠣᠷᠣᠨ ᠪᠦᠰᠡ᠎ᠳ᠋ᠤ ᠬᠠᠷᠢᠶᠠᠯᠠᠭᠳᠠᠵᠤ᠂ ᠬᠢᠵᠢᠭ᠎ᠤᠨ ᠪᠠᠶᠢᠳᠠᠯ ᠦᠨᠳᠦᠰᠦᠨ᠎ᠳ᠋ᠡᠭᠡᠨ ᠲᠣᠭᠲᠠᠭᠤᠨ ᠪᠠᠶᠢᠳᠠᠯ ᠢᠯᠡᠷᠡᠭᠰᠡᠨ ᠪᠣᠯᠪᠠᠴᠤ ᠡᠨᠡ᠎ᠨᠢ ᠵᠥᠪᠬᠡᠨ ᠴᠢᠩᠭ᠎ᠠ ᠰᠡᠷᠭᠡᠶᠢᠯᠡᠨ ᠡᠵᠡᠮᠳᠡᠭᠰᠡᠨ᠎ᠤ ᠦᠷ᠎ᠡ ᠳ᠋ᠦᠩ ᠪᠣᠯᠤᠨ᠎ᠠ ᠃ ᠪᠥᠬᠥ ᠳᠡᠯᠡᠬᠡᠶ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠮᠥᠨ ᠶᠡᠬᠡ᠎ᠪᠠᠷ ᠳᠡᠯᠭᠡᠷᠡᠵᠦ ᠂ ᠮᠠᠨ᠎ᠤ ᠤᠯᠤᠰ᠎ᠲᠤ ᠮᠥᠨ ᠬᠢᠵᠢᠭ᠎ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠪᠠ ᠬᠡᠰᠡᠭ ᠭᠠᠵᠠᠷ᠎ᠲᠤ ᠳᠡᠯᠭᠡᠷᠡᠬᠦ ᠨᠡᠯᠢᠶᠡᠳ ᠥᠨᠳᠥᠷ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠸᠠᠺᠼᠢᠨ᠎ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠠᠮᠤᠭ᠎ᠤᠨ ᠪᠦᠲᠦᠮᠵᠢᠲᠡᠶ ᠠᠷᠭ᠎ᠠ ᠮᠥᠨ ᠂ ᠸᠠᠺᠼᠢᠨ ᠳᠠᠷᠢᠬᠤ᠎ᠪᠠᠷ ᠳᠠᠮᠵᠢᠭᠤᠯᠤᠨ ᠬᠥᠮᠦᠰ᠎ᠤᠨ ᠬᠠᠯᠳᠠᠪᠤᠷᠢᠯᠠᠬᠤ ᠨᠣᠷᠮ᠎ᠠ᠂ ᠬᠦᠨᠳᠦ ᠡᠪᠡᠳᠴᠢᠨ᠎ᠤ ᠨᠣᠷᠮ᠎ᠠ ᠪᠠ ᠥᠭᠦᠬᠦ ᠨᠣᠷᠮ᠎ᠠ᠎ᠶᠢ ᠪᠠᠭᠤᠷᠠᠭᠤᠯᠵᠤ᠂ ᠪᠠᠰᠠ ᠪᠣᠳᠠᠭᠠᠯᠢ ᠪᠡᠶ᠎ᠡ ᠪᠠ ᠬᠠᠮᠲᠤ ᠨᠡᠶᠢᠲᠡ᠎ᠳ᠋ᠤ ᠴᠥᠮ ᠪᠦᠲᠦᠮᠵᠢᠲᠡᠶ ᠬᠠᠮᠠᠭᠠᠯᠠᠬᠤ ᠦᠢᠯᠡᠳᠦᠯ ᠦᠵᠡᠭᠦᠯᠬᠦ ᠪᠣᠯᠤᠨ᠎ᠠ ᠭᠡᠵᠦ ᠲᠡᠷᠡ ᠬᠡᠯᠡᠨ᠎ᠡ᠃
ᠶᠠᠨ ᠱᠤᠤ ᠬᠣᠩ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠪᠣᠯ ᠠᠷᠠᠳ ᠢᠷᠭᠡᠳ ᠨᠢᠭᠡ ᠪᠦᠷᠢ᠎ᠶᠢᠨ ᠡᠭᠦᠷᠭᠡ ᠬᠠᠷᠢᠭᠤᠴᠠᠯᠭ᠎ᠠ ᠮᠥᠨ᠃ ᠸᠠᠺᠽᠢᠨ ᠲᠠᠷᠢᠬᠤ ᠬᠥᠮᠦᠨ ᠬᠡᠳᠦᠶ ᠣᠯᠠᠨ ᠪᠣᠯ ᠦᠯᠦ ᠬᠠᠯᠳᠠᠭᠠᠬᠤ ᠴᠢᠳᠠᠪᠤᠷᠢ᠎ᠲᠠᠢ ᠬᠥᠮᠦᠨ ᠲᠡᠳᠦᠶ ᠣᠯᠠᠨ᠃ ᠬᠥᠮᠦᠰ᠎ᠤᠨ ᠲᠠᠷᠢᠯᠭ᠎ᠠ ᠬᠢᠭᠰᠡᠨ ᠨᠣᠷᠮ᠎ᠠ 80%᠎ᠡᠴᠠ ᠳᠡᠭᠡᠭᠰᠢ ᠪᠣᠯᠪᠠᠯ᠂ ᠬᠥᠮᠦᠰ᠎ᠤᠨ ᠡᠭᠡᠯᠢᠯᠡᠭᠡ᠎ᠶᠢᠨ ᠬᠠᠯᠬᠠᠪᠴᠢ᠎ᠶᠢ ᠪᠦᠷᠢᠯᠳᠦᠭᠦᠯᠵᠦ᠂ ᠰᠢᠨ᠎ᠡ ᠲᠢᠲᠢᠮᠯᠢᠭ ᠸᠢᠷᠦ᠋ᠰ᠎ᠤᠨ ᠬᠥᠮᠦᠰ᠎ᠤᠨ ᠳᠤᠮᠳᠠ ᠬᠠᠯᠳᠠᠪᠤᠷᠢᠯᠠᠬᠤ᠎ᠶᠢ ᠪᠦᠲᠦᠮᠵᠢᠲᠡᠶ ᠬᠣᠷᠢᠬᠯᠠᠵᠤ᠂ ᠥᠪᠡᠷ᠎ᠢ᠎ᠪᠠᠨ ᠬᠠᠮᠠᠭᠠᠯᠠᠬᠤ᠂ ᠬᠡᠷ᠎ᠤᠨ ᠬᠥᠮᠦᠰ᠎ᠢᠶᠡᠨ ᠬᠠᠮᠠᠭᠠᠯᠠᠬᠤ᠂ ᠪᠤᠰᠤᠳ᠎ᠢ ᠬᠠᠮᠠᠭᠠᠯᠠᠬᠤ᠂ ᠡᠷᠬᠢᠨ ᠲᠣᠭᠣᠷᠢᠨ᠎ᠤ ᠬᠥᠮᠦᠰ᠎ᠢᠶᠡᠨ ᠬᠠᠮᠠᠭᠠᠯᠠᠬᠤ ᠦᠢᠯᠡᠳᠦᠯ ᠦᠵᠡᠭᠦᠯᠵᠦ ᠴᠢᠳᠠᠨ᠎ᠠ᠃ ᠬᠢᠯᠪᠠᠷ ᠪᠤᠰᠤ᠎ᠪᠠᠷ ᠣᠯᠤᠭᠰᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ᠎ᠢ ᠪᠡᠬᠢᠵᠢᠭᠦᠯᠵᠦ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ᠎ᠶᠢ ᠪᠠᠲᠤᠯᠠᠬᠤ ᠂ ᠠᠵᠤ ᠠᠬᠤᠶ ᠨᠡᠶᠢᠭᠡᠮ᠎ᠤᠨ ᠡᠮᠬᠢ ᠳᠢᠭᠯᠢᠮ᠎ᠤᠨ ᠦᠷᠭᠦᠯᠵᠢᠯᠡᠨ ᠰᠠᠶᠢᠵᠢᠷᠠᠬᠤ᠎ᠶᠢ ᠪᠡᠶᠡᠯᠡᠭᠦᠯᠬᠦ᠎ᠳ᠋ᠤ ᠪᠠᠲᠤᠯᠠᠭ᠎ᠠ ᠬᠠᠩᠭᠠᠬᠤ ᠭᠡᠷᠡᠭᠳᠠᠢ ᠭᠡᠵᠦ ᠴᠢᠬᠤᠯᠠᠴᠢᠯᠠᠵᠤ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃