2021-05-21 09:36:10
5 ᠰᠠᠷ᠎ᠠ᠎ᠶᠢᠨ 13᠎ᠤ ᠡᠳᠦᠷ ᠪᠤᠯᠳᠠᠯ᠎ᠠ ᠂ ᠡᠷᠢᠶᠡᠨ ᠬᠤᠳᠠ᠎ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠢ ᠰᠡᠷᠭᠡᠢᠯᠡᠬᠦ ᠸᠠᠺᠼᠢᠨ ᠲᠠᠷᠢᠭᠰᠠᠨ ᠬᠦᠮᠦᠨ᠎ᠤ ᠲᠤᠭ᠎ᠠ 4 ᠲᠦᠮᠡ 4948 ᠪᠤᠯᠵᠤ ᠂ ᠡᠨᠡ᠎ᠨᠢ ᠪᠦᠬᠦ ᠬᠤᠳᠠ᠎ᠶᠢᠨ ᠶᠡᠷᠦᠡᠭᠬᠡᠢ ᠬᠦᠮᠦᠨ ᠠᠮᠠ᠎ᠶᠢᠨ 66.59%᠎ᠶᠢ ᠡᠵᠡᠯᠡᠭᠰᠡᠨ ᠪᠠᠢᠨ᠎ᠠ ᠃
5 ᠰᠠᠷ᠎ᠠ᠎ᠶᠢᠨ 14᠎ᠤ ᠡᠳᠦᠷ ᠂ ᠡᠷᠢᠶᠡᠨ ᠬᠤᠳᠠ᠎ᠶᠢᠨ ᠳ᠋ᠦᠡᠭ ᠴᠸᠡᠭ ᠨᠡᠢᠭᠡᠮ ᠲᠤᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠦᠪ᠎ᠤᠨ ᠬᠢᠵᠢᠭ᠎ᠢ ᠰᠡᠷᠭᠡᠢᠯᠡᠬᠦ ᠲᠠᠷᠢᠯᠭ᠎ᠠ ᠬᠢᠬᠦ ᠭᠠᠵᠠᠷ᠎ᠲᠤ ᠬᠦᠮᠦᠰ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠢ ᠰᠡᠷᠭᠡᠢᠯᠡᠬᠦ ᠸᠠᠺᠼᠢᠨ ᠲᠠᠷᠢᠭᠤᠯᠬᠤ᠎ᠪᠠᠷ ᠡᠮᠬᠢ ᠲᠠᠷᠠᠭ᠎ᠠ᠎ᠲᠠᠢ ᠮᠦᠷᠯᠡᠨ ᠬᠦᠯᠢᠶᠡᠵᠥ ᠪᠠᠢᠯ᠎ᠠ ᠃ ᠲᠤᠰ ᠲᠠᠷᠢᠯᠭ᠎ᠠ ᠬᠢᠬᠦ ᠭᠠᠵᠠᠷ᠎ᠨᠢ ᠲᠠᠡᠭᠰᠠᠯᠠᠬᠤ ᠂ ᠲᠠᠷᠢᠯᠭ᠎ᠠ ᠬᠢᠬᠦ ᠂ ᠠᠵᠢᠬᠯᠠᠬᠤ ᠂ ᠪᠠᠴᠢᠮ ᠪᠠᠢᠳᠠᠯ᠎ᠢ ᠠᠷᠭᠠᠴᠠᠭᠠᠬᠤ ᠵᠡᠷᠭᠡ ᠠᠵᠢᠯᠯᠠᠬᠤ ᠲᠤᠭᠤᠷᠢᠭ ᠭᠠᠷᠭᠠᠭᠰᠠᠨ ᠪᠦᠭᠡᠳ 35 ᠡᠮᠴᠢᠯᠡᠭᠡᠨ᠎ᠤ ᠠᠵᠢᠯᠳᠠᠨ ᠲᠤᠬᠢᠷᠠᠭᠤᠯᠵᠤ ᠂ 12 ᠴᠠᠭ ᠦᠢᠯᠡᠴᠢᠯᠡᠭᠡ ᠬᠢᠵᠦ ᠂ ᠡᠳᠦᠷ᠎ᠲᠤ 2300 2400 ᠬᠦᠮᠦᠨ᠎ᠳ᠋ᠤ ᠲᠠᠷᠢᠯᠭ᠎ᠠ ᠬᠢᠵᠦ ᠦᠭᠭᠦ ᠴᠢᠳᠠᠮᠵᠢ᠎ᠶᠢ ᠪᠦᠷᠢᠯᠳᠦᠭᠦᠯᠵᠠᠢ ᠃
ᠲᠤᠰ ᠬᠤᠳᠡ ︽ ᠭᠠᠳᠠᠨ᠎ᠠ᠎ᠡᠴᠠ ᠬᠠᠯᠳᠠᠪᠤᠷᠢᠯᠠᠭᠳᠠᠨ ᠤᠷᠤᠵᠤ ᠢᠷᠡᠬᠦ᠎ᠶᠢ ᠰᠡᠷᠭᠡᠢᠯᠡᠵᠦ ᠂ ᠲᠤᠳᠤᠭᠠᠳᠤ᠎ᠳ᠋ᠤ ᠬᠠᠯᠳᠠᠪᠤᠷᠢᠯᠠᠭᠳᠠᠨ ᠲᠠᠷᠬᠠᠬᠤ᠎ᠶᠢ ᠬᠤᠷᠢᠭᠯᠠᠬᠤ ︾ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ ᠂ ᠦᠪᠡᠷᠳᠡᠭᠡᠨ ᠵᠠᠰᠠᠬᠤ ᠤᠷᠤᠨ᠎ᠡᠴᠠ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠢ ᠰᠡᠷᠭᠡᠢᠯᠡᠬᠦ ᠸᠠᠺᠼᠢᠨ᠎ᠢ ᠢᠳᠡᠪᠬᠢᠳᠡᠢ᠎ᠪᠠᠷ ᠡᠷᠡᠮᠡᠯᠵᠡᠨ ᠤᠯᠵᠤ ᠂ ᠪᠤᠭᠤᠮᠳᠠ᠎ᠶᠢᠨ ᠡᠮᠦᠨ᠎ᠡ ᠹᠷᠤᠨᠲ᠎ᠤᠨ ᠠᠵᠢᠯᠳᠠᠨ ᠂ ᠭᠠᠳᠠᠭᠠᠳᠤ᠎ᠡᠴᠠ ᠬᠦᠢᠳᠡᠨ᠎ᠢᠶᠠᠷ ᠤᠷᠤᠭᠤᠯᠬᠤ ᠬᠡᠯᠬᠢᠶᠡᠵᠢᠯ᠎ᠤᠨ ᠠᠵᠢᠯᠳᠠᠨ ᠂ ᠡᠮᠴᠢᠯᠡᠭᠡᠨ᠎ᠤ ᠠᠵᠢᠯᠳᠠᠨ ᠠᠵᠢᠯᠴᠢᠨ ᠵᠡᠷᠭᠡ ᠶᠢᠰᠦᠨ ᠲᠦᠷᠦᠯ᠎ᠤᠨ ᠭᠤᠤᠯᠳᠠᠯᠭ᠎ᠡ᠎ᠲᠠᠢ ᠬᠦᠮᠦᠰ᠎ᠲᠤ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠢ ᠰᠡᠷᠭᠡᠢᠯᠡᠬᠦ ᠸᠠᠺᠼᠢᠨ ᠲᠠᠷᠢᠬᠤ᠎ᠶᠢ ᠦᠨᠳᠦᠰᠦᠨ᠎ᠳ᠋ᠡᠭᠡᠨ ᠪᠡᠶᠡᠯᠡᠭᠦᠯᠪᠡ ᠃ ᠡᠨᠡᠬᠦ ᠰᠠᠭᠤᠷᠢᠨ ᠲᠡᠭᠡᠷ᠎ᠡ ᠂ ᠬᠢᠵᠢᠭ᠎ᠢ ᠰᠡᠷᠭᠡᠢᠯᠡᠬᠦ ᠲᠠᠷᠢᠯᠭ᠎ᠠ ᠲᠠᠷᠢᠭᠤᠯᠬᠤ ᠪᠦᠷᠬᠦᠴᠡ᠎ᠶᠢᠨ ᠨᠤᠷᠮ᠎ᠠ᠎ᠶᠢ ᠦᠷᠭᠦᠯᠵᠢᠯᠡᠨ ᠨᠡᠮᠡᠭᠳᠡᠭᠦᠯᠵᠦ ᠂ 18 ᠨᠠᠰᠤᠨ᠎ᠡᠴᠠ ᠲᠡᠭᠡᠭᠰᠢᠬᠢ ᠬᠦᠮᠦᠰ᠎ᠤᠨ ᠲᠠᠷᠢᠯᠭ᠎ᠠ ᠲᠠᠷᠢᠬᠤ᠎ᠶᠢ ᠠᠬᠢᠭᠤᠯᠤᠨ ᠪᠦᠬᠦ ᠬᠤᠳᠠ᠎ᠶᠢᠨ ᠬᠡᠪᠴᠢᠶᠡᠨ᠎ᠳ᠋ᠤ ᠬᠢᠵᠢᠭ ᠡᠪᠡᠳᠴᠢᠨ ᠦᠯᠦ ᠬᠠᠯᠳᠠᠭᠠᠬᠤ ᠬᠠᠯᠬᠠᠪᠴᠢ᠎ᠶᠢ ᠪᠠᠢᠭᠤᠯᠬᠤ᠎ᠪᠠᠷ ᠬᠦᠴᠦᠯᠡᠨ ᠴᠢᠷᠮᠠᠢᠵᠤ ᠪᠤᠢ ᠃
ᠬᠢᠵᠢᠭ᠎ᠢ ᠰᠡᠷᠭᠡᠢᠯᠡᠬᠦ ᠸᠠᠺᠼᠢᠨ ᠲᠠᠷᠢᠯᠭ᠎ᠠ ᠨᠢᠭᠡᠪᠦᠷᠢ᠎ᠶᠢᠨ ᠠᠮᠤᠷ ᠲᠦᠪᠰᠢᠨ᠎ᠢ ᠪᠠᠲᠤᠯᠠᠬᠤ᠎ᠶᠢᠨ ᠲᠦᠯᠦᠭᠡ ᠂ ᠡᠷᠢᠶᠡᠨ ᠬᠤᠳᠠ ᠪᠠᠰᠠ ᠲᠠᠷᠢᠯᠭ᠎ᠠ᠎ᠶᠢ ᠬᠠᠳᠠᠭᠠᠯᠠᠬᠤ ᠪᠤᠯᠤᠨ ᠵᠦᠭᠡᠭᠡᠪᠦᠷᠢᠯᠡᠬᠦ ᠭᠤᠭᠴᠤᠭ᠎ᠠ᠎ᠶᠢ ᠴᠢᠡᠭᠭ᠎ᠠ ᠡᠵᠡᠮᠳᠡᠵᠦ ᠂ ᠲᠤᠰ ᠬᠤᠳᠠ᠎ᠳ᠋ᠤ ᠵᠦᠭᠡᠭᠡᠪᠦᠷᠢᠯᠡᠨ ᠠᠪᠴᠢᠷᠠᠭᠰᠠᠨ ᠬᠢᠵᠢᠭ᠎ᠢ ᠰᠡᠷᠭᠡᠢᠯᠡᠬᠦ ᠸᠠᠺᠼᠢᠨ ᠲᠠᠷᠢᠯᠭ᠎ᠠ᠎ᠶᠢᠨ ᠭᠦᠢᠯᠭᠡᠭᠡ ᠵᠦᠭᠡᠭᠡᠪᠦᠷᠢ᠎ᠶᠢᠨ ᠪᠦᠬᠦᠢᠢᠯᠡ ᠶᠠᠪᠤᠴᠠ ᠵᠡᠷᠭᠡ᠎ᠶᠢᠨ ᠲᠤᠭ᠎ᠠ ᠪᠠᠷᠢᠮᠳᠠ᠎ᠶᠢ ᠴᠠᠭ ᠲᠤᠬᠠᠢ᠎ᠳ᠋ᠤᠨᠢ ᠦᠪᠡᠷᠳᠡᠭᠡᠨ ᠵᠠᠰᠠᠬᠤ ᠤᠷᠤᠨ᠎ᠤ ᠬᠢᠵᠢᠭ᠎ᠢ ᠬᠠᠯᠳᠠᠪᠤᠷᠢᠯᠠᠬᠤ᠎ᠶᠢ ᠰᠡᠷᠭᠡᠢᠯᠡᠬᠦ ᠲᠦᠯᠦᠪᠯᠡᠭᠡ᠎ᠲᠠᠢ ᠬᠠᠮᠢᠶᠠᠷᠤᠯᠳᠠ᠎ᠶᠢᠨ ᠰᠢᠰᠲᠸᠮ᠎ᠳ᠋ᠤ ᠢᠯᠡᠷᠡᠬᠦ᠎ᠶᠢ ᠪᠠᠶᠡᠯᠡᠭᠦᠯᠵᠠᠢ ᠃
ᠡᠷᠢᠶᠡᠨ ᠬᠤᠳᠠ᠎ᠶᠢᠨ ᠨᠠᠮ᠎ᠤᠨ ᠬᠤᠷᠢᠶᠠᠨ᠎ᠤ ᠪᠠᠢᠡᠭᠭᠤ᠎ᠶᠢᠨ ᠭᠡᠰᠢᠭᠦᠨ ᠂ ᠲᠡᠳ᠋ ᠬᠤᠳᠠ᠎ᠶᠢᠨ ᠲᠠᠷᠤᠭ᠎ᠠ ᠵᠤᠤ ᠵᠢᠶᠠ ᠶᠤᠸᠠᠨ ᠲᠠᠨᠢᠯᠴᠠᠭᠤᠯᠬᠤ᠎ᠳᠠᠭᠠᠨ ᠂ ᠡᠷᠢᠶᠡᠨ ᠬᠤᠳᠠ ᠨᠠᠮ ᠵᠠᠰᠠᠭ᠎ᠤᠨ ᠪᠠᠢᠭᠤᠯᠭ᠎ᠠ ᠂ ᠡᠯ᠎ᠠ ᠲᠤᠬᠠᠢᠯᠠᠭᠰᠠᠨ ᠠᠵᠢᠯ᠎ᠢ ᠭᠤᠤᠯᠯᠠᠨ ᠬᠠᠮᠢᠶᠠᠷᠴᠤ ᠪᠠᠢᠭ᠎ᠠ ᠰᠠᠯᠠᠭ᠎ᠠ ᠮᠦᠴᠢᠷᠤᠨᠬᠢᠨᠢ ᠱᠠᠭᠠᠷᠳᠠᠨ ᠂ ᠦᠷᠭᠡᠨ ᠤᠯᠠᠨ ᠺᠠᠳ᠋ᠷ ᠠᠵᠢᠯᠳᠠᠳ᠎ᠢᠶᠡᠨ ᠵᠤᠬᠢᠶᠠᠨ ᠪᠠᠢᠭᠤᠯᠵᠤ ᠬᠢᠵᠢᠭ᠎ᠢ ᠰᠡᠷᠭᠡᠢᠯᠡᠬᠦ ᠸᠠᠺᠼᠢᠨ ᠲᠠᠷᠢᠭᠤᠯᠵᠤ ᠂ ᠪᠠᠰᠠ ᠨᠡᠢᠭᠡᠮ ᠲᠤᠭᠤᠷᠢᠭ᠎ᠢᠶᠠᠷ ᠨᠢᠭᠡᠴᠢ ᠪᠤᠯᠭᠠᠨ ᠂ ᠲᠤᠤᠷᠵᠢᠭᠤᠯᠤᠭᠰᠠᠨ ᠬᠠᠮᠢᠶᠠᠷᠤᠯᠳᠠ᠎ᠶᠢᠨ ᠠᠷᠭ᠎ᠠ᠎ᠶᠢ ᠭᠡᠷᠡᠭᠯᠡᠵᠦ ᠂ ᠰᠠᠭᠤᠭᠠᠯᠢ ᠠᠷᠠᠳ᠎ᠤᠨ ᠬᠢᠵᠢᠭ᠎ᠢ ᠰᠡᠷᠭᠡᠢᠯᠡᠬᠦ ᠸᠠᠺᠼᠢᠨ ᠲᠠᠷᠢᠬᠤ ᠪᠦᠷᠬᠦᠴᠡ᠎ᠶᠢ ᠲᠠᠰᠤᠷᠠᠯᠳᠠ ᠦᠭᠡᠢ ᠲᠡᠭᠡᠭᠰᠢᠯᠡᠭᠦᠯᠵᠦ ᠪᠤᠢ ᠃ ᠡᠭᠦᠨ᠎ᠤ ᠬᠠᠮᠳᠤ ᠪᠠᠰᠠ ᠲᠠᠷᠢᠯᠭ᠎ᠠ ᠲᠠᠷᠢᠬᠤ ᠡᠯ᠎ᠠ ᠲᠠᠯ᠎ᠠ᠎ᠶᠢᠨ ᠠᠵᠢᠯ᠎ᠢ ᠰᠠᠢᠳᠤᠷ ᠪᠠᠢᠷᠢᠯᠠᠭᠤᠯᠵᠤ ᠂ ᠲᠠᠷᠢᠯᠭ᠎ᠠ ᠲᠠᠷᠢᠭᠤᠯᠬᠤ ᠠᠵᠢᠯ᠎ᠤᠨ ᠠᠮᠤᠷ ᠲᠦᠪᠰᠢᠨ ᠪᠦᠭᠡᠳ ᠦᠷ᠎ᠡ ᠪᠦᠲᠦᠮᠵᠢᠲᠡᠢ ᠶᠠᠪᠤᠭᠳᠠᠬᠤ᠎ᠶᠢ ᠪᠠᠳᠤᠯᠠᠵᠤ ᠪᠠᠢᠨ᠎ᠡ ᠭᠡᠯ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃