2021-05-24 09:52:12
ᠬᠥᠬᠡᠬᠣᠲᠠ 2020 ᠣᠨ᠎ᠤ 12 ᠰᠠᠷ᠎ᠠ᠎ᠶᠢᠨ 21᠎ᠤ ᠡᠳᠦᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠡᠬᠢᠯᠡᠭᠦᠯᠦᠨ ᠬᠡᠷᠡᠭᠵᠢᠭᠦᠯᠦᠭᠰᠡᠨ᠎ᠡᠴᠠ ᠨᠠᠭᠠᠰᠢ ᠂ ᠲᠥᠷᠥ᠎ᠶᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠯᠠᠪᠳᠠᠭᠤᠨ ᠪᠠᠳᠤᠳᠠᠢ ᠠᠬᠢᠭᠤᠯᠵᠤ ᠂ 5 ᠰᠠᠷ᠎ᠠ᠎ᠶᠢᠨ 17᠎ᠤ ᠡᠳᠦᠷ ᠪᠣᠯᠲᠠᠯ᠎ᠠ ᠨᠢᠭᠡᠨᠲᠡ 65.3 ᠲᠦᠮᠡᠨ ᠤᠳᠠᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠪᠠ ᠃
ᠬᠥᠬᠡᠬᠣᠲᠠ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ᠎ᠶᠢ ᠦᠨᠡᠨ ᠬᠦ ᠪᠠᠲᠤᠯᠠᠬᠤ᠎ᠶᠢᠨ ᠲᠥᠯᠥᠭᠡ ᠂ ᠬᠥᠬᠡᠬᠣᠲᠠ᠎ᠶᠢᠨ ᠵᠠᠰᠠᠭ᠎ᠤᠨ ᠣᠷᠳᠣᠨ ᠡᠷᠡᠭᠦᠯ ᠬᠠᠮᠠᠭᠠᠯᠠᠯ ᠡᠷᠡᠭᠦᠯ ᠮᠡᠨᠳᠦ ᠂ ᠡᠳ᠋᠎ᠤᠨ ᠵᠠᠰᠠᠭ ᠂ ᠵᠠᠬ᠎ᠠ ᠳᠡᠯᠭᠡᠭᠦᠷ ᠂ ᠳᠣᠲᠣᠭᠠᠳᠤ᠎ᠶᠢ ᠬᠠᠮᠠᠭᠠᠯᠠᠬᠤ ᠂ ᠤᠬᠠᠭᠤᠯᠭ᠎ᠠ ᠂ ᠵᠠᠮ ᠬᠠᠷᠢᠯᠴᠠᠭ᠎ᠠ ᠂ ᠪᠠᠴᠢᠮ ᠪᠠᠶᠢᠳᠠᠯ᠎ᠢ ᠠᠷᠭᠠᠴᠠᠭᠠᠬᠤ ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠂ ᠠᠷᠠᠳ᠎ᠤᠨ ᠶᠠᠪᠤᠳᠠᠯ ᠂ ᠤᠰᠤᠨ᠎ᠤ ᠶᠠᠪᠤᠳᠠᠯ ᠂ ᠴᠢᠮᠡᠭᠡ ᠬᠣᠯᠪᠣᠭ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ᠎ᠢᠶᠠᠷ ᠪᠦᠷᠢᠯᠳᠦᠭᠰᠡᠨ ᠸᠠᠺᠼᠢᠨ᠎ᠤ ᠲᠠᠷᠢᠯᠭ᠎ᠠ᠎ᠶᠢᠨ ᠲᠤᠰᠬᠠᠶ ᠠᠵᠢᠯ᠎ᠤᠨ ᠤᠳᠤᠷᠢᠳᠬᠤ ᠳᠤᠭᠤᠶᠢᠯᠠᠩ ᠪᠠᠶᠢᠭᠤᠯᠵᠤ ᠂ ᠳᠤᠤᠷ᠎ᠠ᠎ᠨᠢ ᠶᠡᠷᠦᠩᠬᠡᠶᠢᠯᠡᠨ ᠵᠣᠬᠢᠴᠠᠭᠤᠯᠬᠤ ᠂ ᠪᠠᠶᠢᠳᠠᠯ᠎ᠢ ᠣᠶᠢᠯᠠᠭᠠᠬᠤ ᠪᠠᠶᠢᠴᠠᠭᠠᠯᠲᠠ ᠂ ᠸᠠᠺᠼᠢᠨ ᠬᠤᠳᠠᠯᠳᠤᠨ ᠠᠪᠬᠤ ᠂ ᠬᠡᠪ᠎ᠤᠨ ᠪᠤᠰᠤ ᠲᠤᠰᠬᠠᠯ᠎ᠢ ᠰᠢᠶᠳᠪᠦᠷᠢᠯᠡᠬᠦ ᠂ ᠡᠮᠴᠢᠯᠡᠭᠡᠨ᠎ᠤ ᠠᠪᠤᠷᠠᠨ ᠵᠠᠰᠠᠬᠤ ᠂ ᠬᠢᠨᠠᠯᠲᠠ ᠲᠠᠯᠪᠢᠵᠤ ᠵᠢᠯᠣᠭᠣᠳᠬᠤ ᠵᠡᠷᠭᠡ 7 ᠠᠵᠢᠯ᠎ᠤᠨ ᠳᠤᠭᠤᠶᠢᠯᠠᠩ ᠪᠠᠶᠢᠭᠤᠯᠬᠤ᠎ᠶᠢᠨ ᠬᠠᠮᠲᠤ ᠡᠯ᠎ᠡ ᠰᠠᠯᠠᠭ᠎ᠠ ᠮᠥᠴᠢᠷ ᠂ ᠡᠯ᠎ᠡ ᠠᠵᠢᠯ᠎ᠤᠨ ᠳᠤᠭᠤᠶᠢᠯᠠᠩ᠎ᠤᠨ ᠡᠭᠦᠷᠭᠡ ᠬᠠᠷᠢᠭᠤᠴᠠᠯᠭ᠎ᠠ᠎ᠶᠢ ᠲᠣᠳᠣᠷᠬᠠᠶᠢᠯᠠᠪᠠ ᠃
ᠡᠯ᠎ᠡ ᠬᠣᠰᠢᠭᠤ ᠰᠢᠶᠠᠨ ᠲᠣᠭᠣᠷᠢᠭ ︽ ᠨᠢᠭᠡᠳᠦᠭᠡᠷ ᠤᠳᠤᠷᠢᠳᠤᠯᠭ᠎ᠠ ︾᠎ᠪᠠᠷ ᠳᠤᠭᠤᠶᠢᠯᠠᠩ᠎ᠤᠨ ᠳᠠᠷᠤᠭ᠎ᠠ ᠪᠣᠯᠭᠠᠭᠰᠠᠨ ᠠᠵᠢᠯ᠎ᠤᠨ ᠤᠳᠤᠷᠢᠳᠬᠤ ᠳᠤᠭᠤᠶᠢᠯᠠᠩ᠎ᠢ ᠪᠠᠶᠢᠭᠤᠯᠬᠤ᠎ᠶᠢᠨ ᠬᠠᠮᠲᠤ ᠂ ᠲᠠᠷᠢᠯᠭ᠎ᠠ ᠬᠢᠬᠦ ᠴᠡᠭ ᠨᠢᠭᠡᠪᠦᠷᠢ᠎ᠳ᠋ᠤ ᠡᠷᠬᠡᠪᠰᠢ ᠨᠢᠭᠡ ᠭᠠᠵᠠᠷ᠎ᠤᠨ ᠲᠠᠰ᠎ᠤᠨ ᠺᠠᠳ᠋ᠷ ᠳᠠᠭᠠᠭᠠᠴᠢᠯᠠᠨ ᠬᠣᠯᠪᠣᠭᠠᠯᠠᠵᠤ ᠂ ᠡᠯ᠎ᠡ ᠰᠠᠯᠠᠭ᠎ᠠ ᠮᠥᠴᠢᠷ᠎ᠨᠢ ᠡᠷᠭᠡᠪᠰᠢ ᠪᠠᠭ᠎ᠤᠨ ᠨᠢᠭᠡ ᠪᠦᠷᠢᠯᠳᠦᠬᠦᠨ᠎ᠢ ᠲᠤᠰᠬᠠᠶᠢᠯᠠᠨ ᠲᠣᠳᠣᠷᠬᠠᠶᠢᠯᠠᠵᠤ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠬᠠᠷᠢᠭᠤᠴᠠᠭᠤᠯᠬᠤ ᠬᠡᠷᠡᠭᠲᠡᠶ ᠭᠡᠵᠦ ᠱᠠᠭᠠᠷᠳᠠᠪᠠ ᠃ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ︽ ᠬᠣᠶᠠᠷ᠎ᠢ ᠳᠠᠭᠠᠭᠠᠴᠢᠯᠠᠨ ᠬᠣᠯᠪᠣᠭᠠᠯᠠᠬᠤ ︾ ᠲᠦᠷᠢᠮ᠎ᠢ ᠨᠠᠶᠢᠳᠠᠪᠤᠷᠢᠵᠢᠭᠤᠯᠵᠤ ᠂ ᠴᠡᠭ ᠱᠤᠭᠤᠮ᠎ᠢ ᠤᠶᠠᠯᠳᠤᠭᠤᠯᠤᠨ ᠂ ᠲᠤᠰᠬᠠᠶ ᠬᠥᠮᠦᠨ᠎ᠢᠶᠠᠷ ᠬᠢᠨᠠᠯᠳᠠ ᠲᠠᠯᠪᠢᠭᠤᠯᠵᠦ ᠂ ᠪᠣᠳᠠᠲᠠᠶ ᠬᠠᠷᠢᠭᠤᠴᠠᠯᠭ᠎ᠠ᠎ᠶᠢ ᠬᠤᠪᠢ ᠬᠥᠮᠦᠨ᠎ᠳ᠋ᠤ ᠬᠦᠷᠲᠡᠯ᠎ᠡ ᠨᠠᠶᠢᠳᠠᠪᠤᠷᠢᠵᠢᠭᠤᠯᠬᠤ ᠂ ᠠᠵᠢᠯ᠎ᠢ ᠪᠣᠳᠠᠲᠠᠶ ᠨᠠᠶᠢᠳᠠᠪᠤᠷᠢᠵᠢᠭᠤᠯᠬᠤ᠎ᠶᠢ ᠦᠨᠡᠨ ᠬᠦ ᠪᠠᠲᠤᠯᠠᠪᠠ ᠃
ᠪᠥᠬᠥ ᠬᠣᠲᠠ᠎ᠶᠢᠨ ᠨᠢᠭᠡᠨᠲᠡ ᠪᠠᠶᠢᠭᠤᠯᠵᠤ ᠠᠵᠢᠯᠯᠠᠭᠤᠯᠤᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠴᠡᠭ 109 ᠪᠣᠯᠵᠣ ᠂ ᠡᠭᠦᠨ᠎ᠳ᠋ᠤ ᠬᠣᠶᠠᠳᠤᠭᠠᠷ ᠳᠡᠰ᠎ᠡᠴᠠ ᠳᠡᠭᠡᠭᠰᠢᠬᠢ ᠡᠮᠴᠢᠯᠡᠭᠡᠨ᠎ᠤ ᠪᠠᠶᠢᠭᠤᠯᠤᠮᠵᠢ 11 ᠂ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ 1 ᠂ ᠨᠡᠭᠦᠳᠡᠯ ᠲᠠᠷᠢᠯᠭ᠎ᠠ ᠬᠢᠬᠦ ᠳᠤᠭᠤᠶᠢᠯᠠᠩ 4 ᠂ ᠨᠡᠶᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ ᠤ ᠲᠥᠪ ᠪᠠ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶᠠᠨ᠎ᠤ ᠲᠠᠷᠢᠯᠭ᠎ᠠ ᠬᠢᠬᠦ ᠴᠡᠭ 93 ᠪᠣᠶ ᠃ ᠣᠳᠣᠬᠠᠨ᠎ᠳ᠋ᠤ ᠪᠠᠰᠠ 8 ᠲᠣᠮᠣ ᠬᠡᠯᠪᠡᠷᠢ᠎ᠶᠢᠨ ᠲᠣᠭᠲᠠᠮᠠᠯ ᠸᠠᠺᠼᠢᠨ᠎ᠤ ᠲᠠᠷᠢᠯᠭ᠎ᠠ ᠬᠢᠬᠦ ᠴᠡᠭ᠎ᠢ ᠶᠠᠭ ᠪᠡᠯᠡᠳᠬᠡᠨ ᠪᠠᠶᠢᠭᠤᠯᠵᠤ ᠪᠠᠶᠢᠨ᠎ᠠ ᠃
ᠬᠥᠬᠡᠬᠣᠲᠠ᠎ᠳ᠋ᠤ ᠶᠡᠬᠡ ᠳᠡᠭᠡᠳᠦ ᠰᠤᠷᠭᠠᠭᠤᠯᠢ ᠲᠥᠪᠯᠡᠷᠡᠭᠰᠡᠨ ᠪᠠᠶᠢᠳᠠᠯ᠎ᠳ᠋ᠤ ᠴᠢᠭᠯᠡᠭᠦᠯᠦᠨ ᠂ ᠶᠡᠬᠡ ᠳᠡᠭᠡᠳᠦ ᠰᠤᠷᠭᠠᠭᠤᠯᠢ᠎ᠶᠢᠨ ᠪᠠᠭᠰᠢ ᠰᠤᠷᠤᠭᠴᠢᠳ᠎ᠲᠤ ᠸᠠᠺᠼᠢᠨ᠎ᠢ ᠲᠥᠪᠯᠡᠷᠡᠭᠦᠯᠦᠨ ᠳᠠᠷᠢᠬᠤ ᠠᠷᠭ᠎ᠠ ᠬᠡᠯᠪᠡᠷᠢ᠎ᠶᠢ ᠠᠪᠴᠤ ᠂ ᠬᠣᠲᠠ᠎ᠶᠢᠨ ᠬᠠᠷᠢᠶ᠎ᠠ ᠡᠮᠴᠢᠯᠡᠭᠡᠨ᠎ᠤ ᠪᠠᠶᠢᠭᠤᠯᠤᠮᠵᠢ᠎ᠡᠴᠠ ᠡᠮᠨᠡᠯᠭᠡ᠎ᠶᠢᠨ ᠠᠵᠢᠯᠲᠠᠨ᠎ᠢ ᠲᠤᠰᠬᠠᠢ ᠳᠠᠳᠠᠵᠦ ᠨᠡᠭᠦᠳᠡᠯ ᠲᠠᠷᠢᠯᠭ᠎ᠠ ᠬᠢᠬᠦ 4 ᠳᠤᠭᠤᠶᠢᠯᠠᠩ ᠪᠠᠶᠢᠭᠤᠯᠵᠤ ᠂ ᠳᠤᠭᠤᠶᠢᠯᠠᠩ ᠪᠦᠷᠢ᠎ᠳ᠋ᠤ ᠡᠳᠦᠷ ᠪᠦᠷᠢ 3000᠎ᠡᠴᠠ ᠳᠡᠭᠡᠭᠰᠢ ᠬᠥᠮᠦᠨ ᠲᠠᠷᠢᠯᠭ᠎ᠠ ᠬᠢᠯᠭᠡᠵᠦ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃