2021-06-01 10:44:58
ᠤᠢᠷ᠎ᠠ᠎ᠳ᠋ᠤ ᠂ ᠮᠠᠨ᠎ᠤ ᠤᠷᠤᠨ ᠴᠡᠭ᠎ᠤᠨ ᠪᠠᠶᠢᠷᠢᠯᠠᠭᠤᠯᠤᠯᠲᠠ᠎ᠶᠢ ᠰᠢᠨᠵᠢᠯᠡᠬᠦ ᠤᠬᠠᠭᠠᠨᠴᠢᠯᠠᠬᠤ ᠂ ᠲᠠᠷᠢᠯᠭ᠎ᠠ᠎ᠶᠢᠨ ᠲᠣᠬᠢᠷᠠᠭᠤᠯᠤᠯᠲᠠ᠎ᠶᠢ ᠨᠠᠷᠢᠯᠢᠭᠵᠢᠭᠤᠯᠬᠤ ᠂ ᠡᠩᠨᠡᠭᠡ᠎ᠶᠢᠨ ᠲᠣᠬᠢᠷᠠᠭᠤᠯᠤᠯᠲᠠ᠎ᠶᠢ ᠲᠤᠰᠬᠠᠶᠢᠵᠢᠭᠤᠯᠬᠤ ᠂ ᠲᠠᠷᠢᠯᠭ᠎ᠠ᠎ᠶᠢᠨ ᠪᠥᠬᠥ ᠶᠠᠪᠤᠴᠠ᠎ᠶᠢ ᠮᠡᠳᠡᠭᠡ ᠵᠠᠩᠭᠢᠵᠢᠭᠤᠯᠬᠤ ᠵᠠᠷᠴᠢᠮ ᠶᠣᠰᠣᠭᠠᠷ ᠂ ᠸᠠᠺᠼᠢᠨ᠎ᠤ ᠲᠠᠷᠢᠯᠭ᠎ᠠ ᠬᠢᠬᠦ ᠴᠢᠳᠠᠪᠤᠷᠢ᠎ᠶᠢᠨ ᠪᠠᠶᠢᠭᠤᠯᠤᠯᠲᠠ᠎ᠶᠢ ᠲᠠᠰᠤᠷᠠᠯᠲᠠ ᠥᠬᠡᠶ ᠴᠢᠩᠭᠠᠳᠬᠠᠵᠦ ᠪᠠᠢᠨ᠎ᠠ ᠃
ᠤᠢᠯᠠᠭᠠᠭᠰᠠᠨ᠎ᠢᠶᠠᠷ ᠂ ᠣᠳᠣᠬᠠᠨ᠎ᠳ᠋ᠤ ᠪᠥᠬᠥ ᠣᠷᠣᠨ᠎ᠳ᠋ᠤ ᠨᠢᠭᠡᠨᠲᠡ 1136 ᠲᠠᠷᠢᠯᠭ᠎ᠠ ᠬᠢᠬᠦ ᠨᠢᠭᠡᠴᠢ ᠂ 2373 ᠲᠠᠷᠢᠯᠭ᠎ᠠ ᠬᠢᠬᠦ ᠲᠠᠪᠴᠠᠩ ᠪᠠᠶᠢᠭᠤᠯᠵᠤ ᠂ 1 ᠲᠦᠮᠡ ᠭᠠᠷᠤᠶ ᠲᠠᠷᠢᠯᠭ᠎ᠠ ᠬᠢᠬᠦ ᠠᠵᠢᠯᠲᠠᠨ᠎ᠢ ᠪᠣᠯᠪᠠᠰᠤᠷᠠᠭᠤᠯᠵᠤ ᠂ ᠵᠢᠱᠢᠯᠲᠡ᠎ᠪᠠᠷ ᠡᠳᠦᠷ ᠪᠦᠷᠢ 32 ᠲᠦᠮᠡᠨ ᠤᠳᠠᠭ᠎ᠠ ᠸᠠᠺᠼᠢᠨ ᠳᠠᠷᠢᠬᠤ ᠪᠣᠯᠤᠨ᠎ᠠ ᠃ ᠲᠠᠷᠢᠯᠭ᠎ᠠ ᠬᠢᠬᠦ ᠴᠡᠭ᠎ᠢ ᠲᠣᠬᠢᠷᠠᠭᠤᠯᠬᠤ᠎ᠳ᠋ᠤ ︽ ᠳᠥᠷᠪᠡ ᠪᠠᠶᠢᠬᠤ ︾ ᠵᠠᠷᠴᠢᠮ᠎ᠢ ᠪᠠᠷᠢᠮᠲᠠᠯᠠᠨ᠎ᠠ ᠂ ᠲᠤᠬᠠᠶᠢᠯᠠᠪᠠᠯ ᠡᠷᠬᠡᠪᠰᠢ ᠬᠣᠶᠠᠳᠤᠭᠠᠷ ᠳᠡᠰ᠎ᠡᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ᠎ᠶᠢᠨ ᠬᠣᠷᠢᠶᠠᠨ᠎ᠤ ᠲᠦᠷᠭᠡᠨ ᠡᠮᠨᠡᠬᠦ ᠲᠦᠷᠭᠡᠨ ᠠᠪᠤᠷᠠᠬᠤ ᠬᠥᠮᠦᠰ᠎ᠤᠨ ᠰᠠᠭᠤᠭ᠎ᠠ ᠭᠠᠵᠠᠷ᠎ᠤᠨ ᠪᠠᠲᠤᠯᠠᠭ᠎ᠠ᠎ᠲᠠᠢ ᠪᠠᠶᠢᠬᠤ ᠬᠡᠷᠡᠭᠲᠡᠶ ᠂ ᠲᠦᠷᠭᠡᠨ ᠠᠪᠤᠷᠠᠬᠤ ᠲᠤᠨᠤᠬ ᠲᠥᠬᠥᠭᠡᠷᠦᠮᠵᠢ ᠡᠮ᠎ᠤᠨ ᠵᠦᠢᠯ᠎ᠲᠠᠢ ᠪᠠᠶᠢᠬᠤ ᠭᠡᠷᠡᠭᠳᠠᠢ ᠂ ᠡᠪᠡᠳᠴᠢᠲᠡᠨ᠎ᠢ ᠰᠢᠯᠵᠢᠭᠦᠯᠦᠨ ᠵᠦᠭᠡᠭᠡᠪᠦᠷᠢᠯᠡᠬᠦ ︽ 120 ︾ ᠲᠦᠷᠭᠡᠨ ᠠᠪᠤᠷᠠᠯᠳᠠ᠎ᠶᠢᠨ ᠲᠡᠷᠭᠡ᠎ᠲᠠᠢ ᠪᠠᠢᠬᠤ ᠭᠡᠷᠡᠭᠳᠠᠢ ᠂ ᠬᠣᠶᠠᠳᠤᠭᠠᠷ ᠳᠡᠰ᠎ᠡᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ᠎ᠶᠢᠨ ᠬᠣᠷᠢᠶᠠᠨ᠎ᠤ ᠠᠪᠤᠷᠠᠨ ᠵᠠᠰᠠᠬᠤ ᠰᠠᠭᠠᠳ ᠦᠭᠡᠶ ᠨᠡᠪᠲᠡᠷᠡᠬᠦ ᠵᠠᠮ᠎ᠲᠠᠢ ᠪᠠᠶᠢᠬᠤ ᠬᠡᠷᠡᠭᠲᠡᠶ ᠃
ᠣᠳᠣᠬᠠᠨ᠎ᠳ᠋ᠤ ᠂ ᠪᠥᠬᠥ ᠣᠷᠣᠨ᠎ᠤ ᠸᠠᠺᠼᠢᠨ᠎ᠤ ᠲᠠᠷᠢᠯᠭ᠎ᠠ᠎ᠶᠢ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲ᠋ᠧᠮ᠎ᠳ᠋ᠤ ᠣᠷᠣᠭᠤᠯᠵᠤ ᠂ ᠡᠯ᠎ᠡ ᠭᠠᠵᠠᠷ᠎ᠤᠨ᠎ᠬᠢᠨ ᠬᠠᠮᠢᠶ᠎ᠠ ᠪᠥᠬᠥᠶ ᠮᠡᠳᠡᠭᠡ ᠵᠠᠩᠭᠢ᠎ᠶᠢ ᠴᠠᠭ ᠲᠤᠬᠠᠶ᠎ᠳ᠋ᠤᠨᠢ ᠣᠨᠣᠪᠴᠢᠲᠠᠶ ᠮᠡᠳᠡᠭᠦᠯᠵᠦ ᠂ ᠸᠠᠺᠼᠢᠨ᠎ᠤ ᠢᠷᠡᠯᠲᠡ᠎ᠶᠢ ᠪᠠᠶᠢᠴᠠᠭᠠᠵᠤ ᠪᠣᠯᠬᠤ ᠂ ᠬᠠᠮᠢᠭ᠎ᠠ ᠣᠴᠢᠭᠰᠠᠨ᠎ᠢ ᠮᠥᠷᠳᠡᠵᠦ ᠪᠣᠯᠬᠤ ᠂ ᠪᠥᠬᠥ ᠶᠠᠪᠤᠴᠠ᠎ᠶᠢ ᠮᠥᠷᠳᠡᠵᠦ ᠪᠣᠯᠬᠤ᠎ᠶᠢ ᠪᠡᠶᠡᠯᠡᠭᠦᠯᠪᠡ ᠃ ᠡᠭᠦᠨ᠎ᠡᠴᠠ ᠭᠠᠳᠠᠨ᠎ᠠ ᠂ ᠪᠠᠰᠠ ᠭᠠᠷ ᠤᠲᠠᠰᠤᠨ᠎ᠤ ᠵᠢᠷᠬᠢᠶ᠎ᠠ᠎ᠶᠢᠨ ︽ ᠨᠠᠰᠤᠨ᠎ᠳ᠋ᠤ ᠬᠦᠷᠦᠭᠰᠡᠳ᠎ᠤᠨ ᠸᠠᠺᠼᠢᠨ᠎ᠤ ᠲᠠᠷᠢᠯᠭ᠎ᠠ᠎ᠶᠢᠨ ᠦᠢᠯᠡᠴᠢᠯᠡᠭᠡ ︾᠎ᠶᠢᠨ ᠤᠷᠢᠳᠴᠢᠯᠠᠨ ᠪᠣᠯᠵᠣᠬᠤ ᠬᠡᠰᠡᠭ ᠪᠠ ᠮᠤᠵᠢ᠎ᠶᠢᠨ ᠱᠠᠲᠤᠨ᠎ᠤ ᠡᠷᠡᠭᠦᠯ ᠮᠡᠨᠳᠦ᠎ᠶᠢᠨ ᠺᠣᠳ᠋ ︵ ᠮᠥᠩᠬᠡ ᠰᠤᠪᠠᠭ᠎ᠤᠨ ᠠᠯᠪᠠᠨ᠎ᠤ ᠲᠠᠪᠴᠠᠩ ︶᠎ᠤᠨ ᠬᠤᠪᠢ ᠬᠥᠮᠦᠨ᠎ᠤ ᠸᠠᠺᠼᠢᠨ᠎ᠤ ᠲᠠᠷᠢᠯᠭ᠎ᠠ᠎ᠶᠢᠨ ᠪᠠᠶᠢᠴᠠᠭᠠᠨ ᠯᠠᠪᠯᠠᠬᠤ ᠲᠦᠷᠭᠡᠨ ᠦᠢᠯᠡᠴᠢᠯᠡᠭᠡ᠎ᠶᠢ ᠴᠠᠭ ᠲᠤᠬᠠᠶ᠎ᠳ᠋ᠤᠨᠢ ᠨᠡᠪᠲᠡᠷᠡᠭᠦᠯᠵᠦ ᠂ ᠣᠯᠠᠨ ᠲᠦᠮᠡᠨ᠎ᠤ ᠲᠠᠷᠢᠯᠭ᠎ᠠ ᠬᠢᠬᠦ᠎ᠳ᠋ᠤ ᠲᠤᠶᠢᠯ᠎ᠤᠨ ᠶᠡᠬᠡ ᠲᠥᠬᠥᠮ ᠦᠵᠡᠭᠦᠯᠪᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃