2021-06-08 09:26:27
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠳᠡᠳ᠋ ᠡᠷᠬᠢᠯᠡᠭᠴᠢ ᠽᠸᠩ ᠢ ᠰᠢᠨ᠎ᠢ ᠰᠤᠷᠪᠤᠯᠵᠢᠯᠠᠭᠰᠠᠨ᠎ᠨᠢ
ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠰᠤᠳᠤᠯᠤᠨ ᠦᠢᠯᠡᠳᠬᠦ ᠠᠵᠢᠯ᠎ᠤᠨ ᠶᠡᠷᠦᠩᠬᠡᠶ ᠠᠬᠢᠴᠠ ᠶᠠᠮᠠᠷ ᠵᠡᠷᠭᠡ ᠪᠠᠶᠢᠬᠤ ᠪᠣᠶ ︖ ᠠᠯᠢ ᠠᠯᠢ ᠲᠠᠯ᠎ᠠ᠎ᠶᠢᠨ ᠣᠯᠠᠨ ᠤᠯᠤᠰ᠎ᠤᠨ ᠬᠠᠮᠲᠤᠷᠠᠯᠴᠠᠭ᠎ᠠ᠎ᠶᠢ ᠥᠷᠨᠢᠭᠦᠯᠪᠡ ︖ ᠳᠡᠯᠡᠬᠡᠢ᠎ᠶᠢᠨ ᠸᠠᠺᠼᠢᠨ᠎ᠤ ᠰᠤᠳᠤᠯᠭᠠᠨ᠎ᠤ ᠦᠷ᠎ᠡ ᠳ᠋ᠦᠩ ᠶᠠᠮᠠᠷ ᠵᠡᠷᠭᠡ ᠪᠠᠢᠬᠤ ᠪᠤᠢ ︖ ᠲᠠᠷᠠᠭᠠᠴᠢ᠎ᠶᠢᠨ ᠠᠯᠬᠤᠮ᠎ᠳ᠋ᠤ ᠪᠠᠰᠠ ᠰᠢᠨ᠎ᠡ ᠬᠡᠯᠪᠡᠷᠢ᠎ᠶᠢᠨ ᠸᠠᠺᠼᠢᠨ ᠭᠠᠷᠴᠤ ᠢᠷᠡᠨ᠎ᠠ ᠤᠤ ︖ ᠁ 6᠎ᠤ ᠡᠳᠦᠷ ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠳᠡᠳ᠋ ᠡᠷᠬᠢᠯᠡᠭᠴᠢ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠳᠤᠭᠤᠶᠢᠯᠠᠩ᠎ᠤᠨ ᠸᠠᠺᠼᠢᠨ ᠰᠤᠳᠤᠯᠤᠨ ᠦᠢᠯᠡᠳᠬᠦ ᠲᠤᠰᠬᠠᠶ ᠠᠩᠭᠢ᠎ᠶᠢᠨ ᠬᠠᠷᠢᠭᠤᠴᠠᠯᠭᠠᠲᠠᠨ ᠽᠸᠩ ᠢ ᠰᠢᠨ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠎ᠶᠢᠨ ᠲᠤᠰᠬᠠᠶ ᠰᠤᠷᠪᠤᠯᠵᠢᠯᠠᠭ᠎ᠠ᠎ᠶᠢ ᠬᠦᠯᠢᠶᠡᠵᠦ ᠂ ᠣᠯᠠᠨ ᠨᠡᠶᠢᠲᠡ᠎ᠶᠢᠨ ᠠᠩᠬᠠᠷᠤᠯ᠎ᠳ᠋ᠤ ᠬᠠᠷᠢᠭᠤᠯᠳᠠ ᠦᠭᠴᠠᠢ ᠃
ᠤᠷᠢᠳ ᠡᠮᠦᠨ᠎ᠡ ᠪᠠᠶᠢᠭ᠎ᠠ ᠦᠭᠡᠢ ᠪᠣᠭᠣᠮᠲᠠ ᠰᠢᠪᠲᠤᠯᠤᠯᠲᠠ 21 ᠵᠦᠢᠯ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠡᠮᠴᠢᠯᠡᠭᠡᠨ᠎ᠤ ᠲᠤᠷᠰᠢᠯᠲᠠ᠎ᠶᠢᠨ ᠱᠠᠲᠤᠨ᠎ᠳ᠋ᠤ ᠣᠷᠣᠪᠠ
ᠠᠰᠠᠭᠤᠯᠲᠠ ᠄ ᠭᠡᠨᠡᠳᠲᠡ᠎ᠪᠠᠷ ᠳᠠᠭᠠᠷᠢᠨ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠨᠢ ᠸᠠᠺᠼᠢᠨ᠎ᠤ ᠪᠣᠭᠣᠮᠲᠠ ᠰᠢᠪᠲᠤᠯᠬᠤ ᠠᠵᠢᠯ᠎ᠳ᠋ᠤ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠠᠪᠴᠢᠷᠠᠪᠠ ᠂ ᠳᠤᠮᠳᠠᠳᠤ ᠤᠯᠤᠰ ᠶᠠᠮᠠᠷ ᠲᠦᠪᠰᠢᠨ᠎ᠳ᠋ᠤ ᠪᠠᠶᠢᠬᠤ ᠪᠤᠢ ︖ ᠣᠳᠣᠬᠠᠨ᠎ᠤ ᠠᠬᠢᠴᠠ ᠶᠠᠮᠠᠷ ᠵᠡᠷᠭᠡ ᠪᠤᠢ ︖
ᠬᠠᠷᠢᠭᠤᠯᠲᠠ ᠄ ᠪᠢᠳᠡ ᠡᠷᠲᠡᠬᠡᠨ ᠪᠠᠶᠢᠷᠢᠯᠠᠭᠤᠯᠵᠤ ᠂ ᠣᠯᠠᠨ ᠵᠠᠮ᠎ᠢᠶᠠᠷ ᠶᠠᠪᠤᠬᠤ᠎ᠶᠢ ᠪᠠᠷᠢᠮᠲᠠᠯᠠᠵᠤ ᠂ 2020 ᠣᠨ᠎ᠤ 2 ᠰᠠᠷ᠎ᠠ᠎ᠳ᠋ᠤ ᠲᠤᠰᠬᠠᠶ ᠠᠩᠭᠢ ᠪᠠᠶᠢᠭᠤᠯᠤᠨ ᠸᠠᠺᠼᠢᠨ ᠰᠤᠳᠤᠯᠤᠨ ᠦᠢᠯᠡᠳᠬᠦ ᠠᠵᠢᠯ᠎ᠢ ᠪᠠᠶᠢᠷᠢᠯᠠᠭᠤᠯᠵᠤ ᠂ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠰᠤᠳᠤᠯᠤᠨ ᠦᠢᠯᠡᠳᠬᠦ ᠬᠤᠷᠳᠤᠴᠠ ᠪᠣᠯᠤᠨ ᠲᠣᠭ᠎ᠠ ᠬᠡᠮᠵᠢᠶ᠎ᠡ ᠢᠮᠠᠭᠲᠠ ᠳᠡᠯᠡᠬᠡᠶ᠎ᠶᠢᠨ ᠡᠮᠦᠨ᠎ᠡ ᠡᠩᠨᠡᠭᠡᠨ᠎ᠳ᠋ᠤ ᠣᠷᠣᠰᠢᠵᠤ ᠪᠠᠶᠢᠨ᠎ᠠ ᠃
ᠮᠠᠨ᠎ᠤ ᠤᠯᠤᠰ᠎ᠤᠨ 21 ᠵᠦᠢᠯ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠨᠢᠭᠡᠨᠲᠡ ᠡᠮᠴᠢᠯᠡᠭᠡᠨ᠎ᠤ ᠲᠤᠷᠰᠢᠯᠲᠠ᠎ᠶᠢᠨ ᠱᠠᠲᠤᠨ᠎ᠳ᠋ᠤ ᠣᠷᠣᠪᠠ ᠃ ᠣᠳᠣᠬᠠᠨ᠎ᠳ᠋ᠤ 4 ᠵᠦᠢᠯ᠎ᠤᠨ ᠸᠠᠺᠼᠢᠨ᠎ᠨᠢ ᠤᠯᠤᠰ᠎ᠤᠨ ᠳᠣᠲᠣᠭᠠᠳᠤ᠎ᠳ᠋ᠤ ᠨᠥᠬᠥᠴᠡᠯ᠎ᠲᠠᠢ᠎ᠪᠠᠷ ᠵᠠᠬ᠎ᠠ ᠳᠡᠯᠭᠡᠭᠦᠷ᠎ᠲᠤ ᠭᠠᠷᠬᠤ ᠵᠦᠪᠰᠢᠶᠡᠷᠡᠯ ᠤᠯᠵᠤ ᠂ 3 ᠵᠦᠢᠯ᠎ᠤᠨ ᠸᠠᠺᠼᠢᠨ᠎ᠨᠢ ᠤᠯᠤᠰ᠎ᠤᠨ ᠳᠣᠲᠣᠭᠠᠳᠤ᠎ᠳ᠋ᠤ ᠪᠠᠴᠢᠮ ᠬᠡᠷᠡᠭᠯᠡᠬᠦ ᠵᠦᠪᠰᠢᠶᠡᠷᠡᠯ ᠤᠯᠵᠤ ᠂ 8 ᠵᠦᠢᠯ᠎ᠤᠨ ᠸᠠᠺᠼᠢᠨ᠎ᠨᠢ ᠤᠯᠤᠰ᠎ᠤᠨ ᠭᠠᠳᠠᠭᠠᠳᠤ᠎ᠳ᠋ᠤ Ⅲ ᠬᠤᠭᠤᠴᠠᠭᠠᠨ᠎ᠤ ᠡᠮᠴᠢᠯᠡᠭᠡᠨ᠎ᠤ ᠲᠤᠷᠰᠢᠯᠳᠠ ᠬᠢᠬᠦ ᠵᠦᠪᠰᠢᠶᠡᠷᠡᠯ ᠤᠯᠵᠤ ᠂ 1mRNA ᠸᠠᠺᠼᠢᠨ᠎ᠨᠢ ᠤᠯᠤᠰ᠎ᠤᠨ ᠭᠠᠳᠠᠭᠠᠳᠤ᠎ᠳ᠋ᠤ ᠶᠣᠰᠣ ᠰᠤᠷᠲᠠᠬᠤᠨ᠎ᠤ ᠵᠥᠪᠰᠢᠶᠡᠷᠡᠯ ᠣᠯᠵᠤ ᠂ ᠬᠢᠯᠢ᠎ᠶᠢᠨ ᠭᠠᠳᠠᠨᠠᠬᠢ ᠡᠮᠴᠢᠯᠡᠭᠡᠨ᠎ᠤ ᠲᠤᠷᠰᠢᠯᠲᠠ᠎ᠶᠢᠨ ᠢᠳᠡᠪᠬᠢ ᠥᠬᠡᠶᠢᠳᠡᠭᠦᠯᠦᠭᠰᠡᠨ ᠸᠠᠺᠼᠢᠨ ᠂ ᠳᠠᠬᠢᠨ ᠵᠣᠬᠢᠶᠠᠨ ᠪᠠᠶᠢᠭᠤᠯᠤᠭᠰᠠᠨ ᠤᠭᠤᠷᠠᠭ᠎ᠤᠨ ᠸᠠᠺᠼᠢᠨ ᠂ ᠪᠤᠯᠴᠢᠷᠬᠠᠶ᠎ᠶᠢᠨ ᠸᠢᠷᠦ᠋ᠰ᠎ᠤᠨ ᠠᠴᠢᠶᠠᠯᠠᠪᠤᠷᠢ᠎ᠶᠢᠨ ᠸᠠᠺᠼᠢᠨ ᠂ ᠪᠥᠭᠡᠮ ᠬᠦᠴᠢᠯ᠎ᠤᠨ ᠸᠠᠺᠼᠢᠨ᠎ᠤ ᠮᠡᠷᠭᠡᠵᠢᠯ᠎ᠤᠨ ᠱᠤᠭᠤᠮ᠎ᠢ ᠪᠥᠬᠥ ᠲᠠᠯ᠎ᠠ᠎ᠪᠠᠷ ᠪᠦᠷᠬᠦᠭᠦᠯᠪᠡ ᠃
ᠸᠠᠺᠼᠢᠨ᠎ᠢ ᠪᠦᠬᠦ ᠪᠥᠮᠪᠥᠷᠴᠡᠭ᠎ᠤᠨ ᠤᠯᠠᠨ ᠨᠡᠶᠢᠲᠡ᠎ᠶᠢᠨ ᠦᠢᠯᠡᠳᠬᠦᠨ ᠪᠤᠯᠭᠠᠨ᠎ᠠ ᠪᠦᠬᠦ ᠳᠡᠯᠡᠬᠡᠢ᠎ᠳ᠋ᠤ 3.5 ᠳ᠋ᠦᠩᠰᠢᠭᠤᠷ ᠭᠠᠷᠤᠢ ᠬᠤᠪᠢ ᠸᠠᠺᠼᠢᠨ ᠬᠠᠩᠭᠠᠵᠤ ᠂ 90 ᠭᠠᠷᠤᠢ ᠤᠯᠤᠰ ᠪᠣᠯᠤᠨ ᠭᠠᠵᠠᠷ ᠣᠷᠣᠨ᠎ᠳ᠋ᠤ ᠵᠠᠬ᠎ᠠ ᠳᠡᠯᠭᠡᠭᠦᠷ᠎ᠲᠤ ᠭᠠᠷᠭᠠᠬᠤ ᠪᠤᠶᠤ ᠪᠠᠴᠢᠮ ᠬᠡᠷᠡᠭᠯᠡᠬᠦ ᠵᠦᠪᠰᠢᠶᠡᠷᠡᠯ ᠤᠯᠵᠠᠢ
ᠠᠰᠠᠭᠤᠯᠲᠠ᠄ 73 ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠶᠡᠬᠡ ᠬᠤᠷᠠᠯ᠎ᠤᠨ ᠡᠬᠢᠯᠡᠯᠲᠡ᠎ᠶᠢᠨ ᠶᠣᠰᠣᠯᠠᠯ ᠳᠡᠭᠡᠷ᠎ᠡ ᠂ ᠳᠤᠮᠳᠠᠳᠤ ᠤᠯᠤᠰ ᠸᠠᠺᠼᠢᠨ᠎ᠢ ᠪᠦᠬᠦ ᠪᠥᠮᠪᠥᠷᠴᠡᠭ᠎ᠤᠨ ᠤᠯᠠᠨ ᠨᠡᠶᠢᠲᠡ᠎ᠶᠢᠨ ᠦᠢᠯᠡᠳᠬᠦᠨ ᠪᠣᠯᠭᠠᠨ᠎ᠠ ᠭᠡᠵᠦ ᠲᠥᠪ ᠴᠢᠩᠭ᠎ᠠ᠎ᠪᠠᠷ ᠠᠮᠠᠯᠳᠠᠪᠠ ᠃ ᠪᠦᠬᠦ ᠪᠥᠮᠪᠥᠷᠴᠡᠭ᠎ᠲᠤ ᠬᠢᠵᠢᠭ ᠦᠷᠪᠢᠰᠦᠨ ᠳᠡᠯᠭᠡᠷᠡᠵᠦ ᠂ ᠳᠤᠮᠳᠠᠳᠤ ᠤᠯᠤᠰ᠎ᠤᠨ ᠦᠪᠡᠷ᠎ᠤᠨ ᠸᠠᠺᠼᠢᠨ᠎ᠤ ᠬᠡᠷᠡᠭᠴᠡᠭᠡ ᠯᠤᠲᠤ ᠶᠡᠬᠡ ᠪᠠᠶᠢᠬᠤ ᠪᠠᠶᠢᠳᠠᠯ ᠳᠣᠣᠷ᠎ᠠ ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠬᠡᠷᠡᠭᠴᠡᠭᠡ᠎ᠶᠢ ᠬᠡᠷᠬᠢᠨ ᠬᠠᠩᠭᠠᠬᠤ ᠪᠤᠢ ︖ ᠪᠢᠳᠡ ᠪᠥᠬᠥ ᠪᠥᠮᠪᠥᠷᠴᠡᠭ᠎ᠤᠨ ᠬᠢᠵᠢᠭ᠎ᠲᠠᠢ ᠲᠡᠮᠡᠴᠡᠬᠦ᠎ᠳ᠋ᠤ ᠶᠠᠮᠠᠷ ᠬᠤᠪᠢ ᠨᠡᠮᠡᠷᠢ ᠦᠵᠡᠭᠦᠯᠬᠦ ᠪᠣᠶ ︖
ᠬᠠᠷᠢᠭᠤᠯᠲᠠ ᠄ ᠮᠠᠨ᠎ᠤ ᠤᠯᠤᠰ ᠨᠢᠭᠡᠨᠲᠡ ᠪᠥᠬᠥ ᠳᠡᠯᠡᠬᠡᠶ᠎ᠶᠢᠨ 90 ᠭᠠᠷᠤᠶ ᠤᠯᠤᠰ ᠪᠠ ᠭᠠᠵᠠᠷ ᠣᠷᠣᠨ᠎ᠳ᠋ᠤ ᠵᠠᠬ᠎ᠠ ᠳᠡᠯᠭᠡᠭᠦᠷ᠎ᠲᠤ ᠭᠠᠷᠭᠠᠬᠤ ᠪᠤᠶᠤ ᠪᠠᠴᠢᠮ ᠬᠡᠷᠡᠭᠯᠡᠬᠦ ᠵᠥᠪᠰᠢᠶᠡᠷᠡᠯ ᠣᠯᠤᠭᠰᠠᠨ ᠪᠥᠭᠡᠳ 2 ᠵᠦᠢᠯ᠎ᠤᠨ ᠸᠠᠺᠼᠢᠨ᠎ᠢ ᠳᠡᠯᠡᠬᠡᠶ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠶᠢᠭᠤᠯᠤᠯᠲᠠ᠎ᠶᠢᠨ ᠪᠠᠴᠢᠮ ᠬᠡᠷᠡᠭᠯᠡᠬᠦ ᠬᠠᠭᠤᠳᠠᠰᠤᠨ᠎ᠳ᠋ᠤ ᠣᠷᠣᠭᠤᠯᠬᠤ ᠵᠦᠪᠰᠢᠶᠡᠷᠡᠯ ᠤᠯᠵᠠᠢ ᠃
ᠬᠡᠳᠦᠶᠢᠪᠡᠷ ᠮᠠᠨ᠎ᠤ ᠤᠯᠤᠰ᠎ᠤᠨ ᠤᠯᠤᠰ᠎ᠤᠨ ᠳᠣᠲᠣᠭᠠᠳᠤ᠎ᠶᠢᠨ ᠸᠠᠺᠼᠢᠨ ᠲᠠᠷᠢᠭᠰᠠᠨ ᠬᠡᠮᠵᠢᠶ᠎ᠡ ᠨᠢᠭᠡᠨᠲᠡ 7 ᠳ᠋ᠦᠩᠰᠢᠭᠤᠷ ᠭᠠᠷᠤᠶ ᠤᠳᠠᠭ᠎ᠠ᠎ᠳ᠋ᠤ ᠬᠦᠷᠴᠦ ᠂ ᠪᠥᠬᠥ ᠳᠡᠯᠡᠬᠡᠶ᠎ᠳ᠋ᠤ ᠲᠡᠷᠢᠭᠦᠯᠡᠵᠦ ᠪᠠᠶᠢᠭ᠎ᠠ ᠪᠣᠯᠪᠠᠴᠤ ᠵᠠᠭᠤᠨ ᠬᠥᠮᠦᠨ ᠪᠦᠷᠢᠳ᠋ᠠᠬᠢ ᠲᠠᠷᠢᠯᠭ᠎ᠠ᠎ᠶᠢᠨ ᠬᠠᠷᠢᠴᠠᠯ᠎ᠨᠢ ᠤᠷᠢᠲᠠᠵᠤ ᠥᠬᠡᠶ ᠶᠤᠮ ᠃ ᠡᠶᠢᠮᠦ ᠪᠠᠶᠢᠳᠠᠯ ᠳᠤᠤᠷ᠎ᠠ ᠪᠢᠳᠡ ᠬᠢᠯᠢ᠎ᠶᠢᠨ ᠳᠣᠲᠣᠨ᠎ᠠ ᠭᠠᠳᠠᠨᠠᠬᠢ ᠬᠢᠵᠢᠭ᠎ᠤᠨ ᠪᠠᠶᠢᠳᠠᠯ᠎ᠢ ᠦᠨᠳᠦᠰᠦᠯᠡᠨ ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠡᠷᠡᠭᠴᠡᠭᠡ᠎ᠶᠢ ᠨᠢᠭᠡᠳᠦᠯᠲᠡᠶ ᠲᠥᠯᠥᠪᠵᠢᠭᠦᠯᠦᠨ ᠨᠡᠶᠢᠲᠡ᠎ᠳ᠋ᠤ᠎ᠨᠢ ᠬᠠᠷᠠᠭᠠᠯᠵᠠᠵᠤ ᠂ ᠸᠠᠺᠼᠢᠨ᠎ᠤ ᠬᠠᠩᠭᠠᠯᠭ᠎ᠠ᠎ᠶᠢ ᠵᠦᠶ ᠵᠣᠬᠢᠰᠲᠠᠶ ᠲᠣᠬᠢᠷᠠᠭᠤᠯᠤᠨ᠎ᠠ ᠃ ᠮᠠᠨ᠎ᠤ ᠤᠯᠤᠰ᠎ᠤᠨ ᠰᠢᠨ᠎ᠡ ᠲᠢᠲᠢᠮᠯᠢᠭ ᠸᠠᠺᠼᠢᠨ᠎ᠢ ᠭᠠᠳᠠᠭᠠᠳᠤ᠎ᠳ᠋ᠤ ᠨᠢᠭᠡᠨᠳᠡ 3.5 ᠳ᠋ᠦᠩᠰᠢᠭᠤᠷ ᠭᠠᠷᠤᠢ ᠬᠤᠪᠢ ᠬᠠᠩᠭᠠᠵᠤ ᠂ ᠡᠭᠦᠨ᠎ᠳ᠋ᠤ 80 ᠭᠠᠷᠤᠢ ᠤᠯᠤᠰ᠎ᠲᠤ ᠬᠠᠨᠳᠢᠪᠯᠠᠵᠤ ᠂ 40 ᠭᠠᠷᠤᠢ ᠤᠯᠤᠰ᠎ᠲᠤ ᠭᠠᠷᠭᠠᠵᠠᠢ ᠃ 2020 ᠣᠨ᠎ᠤ 10 ᠰᠠᠷ᠎ᠠ᠎ᠳ᠋ᠤ ᠂ ᠮᠠᠨ᠎ᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠬᠡᠷᠡᠭᠵᠢᠭᠦᠯᠬᠦ ᠲᠥᠯᠥᠪᠯᠡᠭᠡ ︵ COVAX ︶᠎ᠳ᠋ᠤ ᠣᠷᠣᠬᠤ᠎ᠪᠠᠷ ᠨᠡᠶᠢᠲᠡᠯᠡᠵᠦ ᠂ 1000 ᠲᠦᠮᠡᠨ ᠬᠤᠪᠢ ᠸᠠᠺᠼᠢᠨ ᠬᠠᠩᠭᠠᠬᠤ᠎ᠪᠠᠷ ᠠᠮᠠᠯᠳᠠᠵᠠᠢ ᠃
ᠬᠢᠵᠢᠭ᠎ᠤᠨ ᠪᠠᠶᠢᠳᠠᠯ᠎ᠢ ᠢᠯᠠᠨ ᠳᠠᠪᠠᠬᠤ ᠬᠤᠷᠴᠠ ᠵᠡᠪᠰᠡᠭ ᠪᠤᠯᠪᠠ ᠳᠡᠯᠡᠬᠡᠢ᠎ᠶᠢᠨ ᠰᠤᠳᠤᠯᠭᠠᠨ᠎ᠳ᠋ᠤ ᠬᠠᠷᠠᠭᠤᠯᠤᠭᠰᠠᠨ᠎ᠢᠶᠠᠷ ᠳᠤᠮᠳᠠᠳᠤ ᠤᠯᠤᠰ᠎ᠤᠨ ᠸᠠᠺᠼᠢᠨ᠎ᠨᠢ ᠮᠠᠰᠢ ᠰᠠᠢᠨ ᠬᠠᠮᠠᠭᠠᠯᠠᠬᠤ ᠬᠦᠴᠦᠨ᠎ᠲᠠᠢ
ᠠᠰᠠᠭᠤᠯᠲᠠ ᠄ ᠸᠠᠺᠼᠢᠨ ᠪᠣᠯ ᠬᠢᠵᠢᠭ᠎ᠢ ᠢᠯᠠᠬᠤ ᠬᠤᠷᠴᠠ ᠵᠡᠪᠰᠡᠭ ᠮᠥᠨ ᠂ ᠣᠯᠠᠨ᠎ᠢᠶᠠᠷ᠎ᠢᠶᠡᠨ ᠸᠠᠺᠼᠢᠨ᠎ᠤ ᠪᠣᠳᠠᠲᠠᠶ ᠬᠠᠮᠠᠭᠠᠯᠠᠬᠤ ᠦᠢᠯᠡᠳᠦᠯ᠎ᠢ ᠮᠠᠰᠢ ᠠᠩᠬᠠᠷᠴᠤ ᠪᠠᠶᠢᠨ᠎ᠠ ᠃ ᠣᠳᠣᠬᠠᠨ᠎ᠳ᠋ᠤ ᠳᠤᠮᠳᠠᠳᠤ ᠤᠯᠤᠰ᠎ᠤᠨ ᠵᠥᠪᠰᠢᠶᠡᠷᠡᠯ ᠣᠯᠤᠭᠰᠠᠨ ᠸᠠᠺᠼᠢᠨ᠎ᠤ ᠳᠡᠯᠡᠬᠡᠶᠳ᠋ᠠᠬᠢ ᠠᠮᠤᠷ ᠲᠦᠪᠰᠢᠨ ᠴᠢᠨᠠᠷ ᠪᠠ ᠪᠦᠲᠦᠮᠵᠢᠲᠦ ᠴᠢᠨᠠᠷ᠎ᠨᠢ ᠴᠤᠬᠤᠮ ᠶᠠᠮᠠᠷ ᠪᠣᠶ ︖
ᠬᠠᠷᠢᠭᠤᠯᠲᠠ ᠄ ᠬᠢᠯᠢ᠎ᠶᠢᠨ ᠭᠠᠳᠠᠨᠠᠬᠢ ᠬᠢᠵᠢᠭ᠎ᠤᠨ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠭ᠎ᠠ ᠪᠣᠯᠬᠣᠷ ᠳᠡᠯᠡᠬᠡᠶ᠎ᠶᠢᠨ ᠬᠠᠮᠠᠭᠠᠯᠠᠯᠲᠠ᠎ᠶᠢᠨ ᠨᠣᠷᠮ᠎ᠠ᠎ᠶᠢ ᠣᠨᠣᠪᠴᠢᠲᠠᠶ ᠪᠦᠷᠢᠳᠬᠡᠬᠦ᠎ᠳ᠋ᠤ ᠲᠡᠶᠢᠮᠦ ᠬᠢᠯᠪᠠᠷ ᠪᠢᠰᠢ ᠶᠤᠮ ᠂ ᠭᠡᠪᠡᠴᠦ ᠬᠣᠶᠠᠷ ᠬᠡᠷᠡᠭ᠎ᠤᠨ ᠵᠢᠱᠢᠶ᠎ᠡ᠎ᠶᠢ ᠲᠠᠨᠢᠯᠴᠠᠭᠤᠯᠵᠤ ᠪᠣᠯᠤᠨ᠎ᠠ ᠃ ᠴᠢᠯᠢ᠎ᠶᠢᠨ ᠡᠷᠡᠭᠦᠯ ᠬᠠᠮᠠᠭᠠᠯᠠᠯ᠎ᠤᠨ ᠶᠠᠮᠤᠨ᠎ᠤ ᠨᠡᠶᠢᠲᠡᠯᠡᠭᠰᠡᠨ᠎ᠢᠶᠠᠷ ᠂ 5 ᠰᠠᠷ᠎ᠠ᠎ᠶᠢᠨ 16᠎ᠤ ᠡᠳᠦᠷ ᠪᠣᠯᠲᠠᠯ᠎ᠠ ᠂ ᠲᠤᠰ ᠤᠯᠤᠰ ᠪᠠᠷᠤᠭ ᠮᠠᠨ᠎ᠤ ᠤᠯᠤᠰ᠎ᠤᠨ ᠺᠸ ᠰᠢᠩ ᠺᠤᠮᠫᠠᠨᠢ᠎ᠶᠢᠨ 1325 ᠲᠦᠮᠡᠨ ᠬᠤᠪᠢ ᠢᠳᠡᠪᠬᠢ ᠦᠭᠡᠢᠳᠡᠭᠦᠯᠬᠦ ᠸᠠᠺᠼᠢᠨ᠎ᠢ ᠲᠠᠷᠢᠵᠤ ᠂ ᠰᠤᠳᠤᠯᠭᠠᠨ᠎ᠤ ᠦᠷ᠎ᠡ ᠳ᠋ᠦᠩ᠎ᠡᠴᠠ ᠦᠵᠡᠪᠡᠯ ᠂ ᠬᠣᠶᠠᠳᠤᠭᠠᠷ ᠤᠳᠠᠭ᠎ᠠ᠎ᠶᠢᠨ ᠸᠠᠺᠼᠢᠨ᠎ᠢ ᠲᠠᠷᠢᠭᠰᠠᠨ᠎ᠤ 14 ᠡᠳᠦᠷ᠎ᠤᠨ ᠳᠠᠷᠠᠭ᠎ᠠ ᠂ ᠡᠪᠡᠳᠴᠢᠨ᠎ᠤ ᠢᠯᠡᠷᠡᠯ᠎ᠲᠠᠢ ᠬᠠᠯᠳᠠᠪᠤᠷᠢ ᠤᠯᠬᠤ ᠰᠡᠷᠭᠡᠶᠢᠯᠡᠬᠦ ᠦᠷ᠎ᠡ ᠪᠦᠲᠦᠮᠵᠢ 65.3%᠎ᠳ᠋ᠤ ᠬᠦᠷᠴᠦ ᠂ ᠡᠮᠨᠡᠯᠭᠡ᠎ᠳ᠋ᠤ ᠰᠠᠭᠤᠵᠤ ᠡᠮᠨᠡᠭᠦᠯᠬᠦ᠎ᠶᠢ ᠰᠡᠷᠭᠡᠶᠢᠯᠡᠬᠦ ᠦᠷ᠎ᠡ ᠪᠦᠲᠦᠮᠵᠢ 87%᠎ᠳ᠋ᠤ ᠬᠦᠷᠴᠦ ᠂ ᠬᠦᠨᠳᠦ ᠡᠪᠡᠳᠴᠢᠲᠡᠨ᠎ᠤ ᠥᠷᠥᠭᠡ᠎ᠳ᠋ᠤ ᠣᠷᠣᠬᠤ᠎ᠶᠢ ᠰᠡᠷᠭᠡᠶᠢᠯᠡᠬᠦ ᠦᠷ᠎ᠡ ᠪᠦᠲᠦᠮᠵᠢ 90.3%᠎ᠳ᠋ᠤ ᠬᠦᠷᠴᠦ ᠂ ᠬᠠᠯᠳᠠᠪᠤᠷᠢ᠎ᠡᠴᠠ ᠪᠣᠯᠵᠣ ᠥᠭᠦᠬᠦ᠎ᠶᠢ ᠰᠡᠷᠭᠡᠶᠢᠯᠡᠬᠦ ᠦᠷ᠎ᠡ ᠪᠦᠲᠦᠮᠵᠢ 86%᠎ᠳ᠋ᠤ ᠬᠦᠷᠴᠡᠶ ᠂ ᠲᠤᠬᠠᠶ᠎ᠶᠢᠨ ᠭᠠᠵᠠᠷ᠎ᠤᠨ ᠤᠨᠳᠤᠤᠰᠢᠭᠰᠠᠨ ᠸᠢᠷᠦ᠋ᠰ ᠳᠡᠯᠭᠡᠷᠡᠵᠤ ᠪᠠᠢᠭᠰᠠᠨ ᠪᠠᠢᠳᠠᠯ᠎ᠢ ᠪᠣᠳᠣᠯᠬᠢᠯᠠᠭᠠᠳ ᠂ ᠮᠠᠨ᠎ᠤ ᠤᠯᠤᠰ᠎ᠤᠨ ᠸᠠᠺᠼᠢᠨ᠎ᠨᠢ ᠤᠨᠳᠤᠤᠰᠢᠭᠰᠠᠨ ᠸᠢᠷᠦ᠋ᠰ᠎ᠢ ᠴᠤ ᠮᠠᠰᠢ ᠰᠠᠢᠨ ᠰᠡᠷᠭᠡᠢᠯᠡᠬᠦ ᠦᠢᠯᠡᠳᠦᠯ᠎ᠲᠠᠢ ᠃
ᠤᠯᠤᠰ᠎ᠤᠨ ᠳᠣᠲᠣᠭᠠᠳᠤ᠎ᠶᠢᠨ ᠶᠡᠬᠡ ᠬᠡᠪᠴᠢᠶᠡᠨ᠎ᠤ ᠲᠠᠷᠢᠯᠭ᠎ᠠ᠎ᠨᠢ ᠮᠠᠨ᠎ᠤ ᠤᠯᠤᠰ᠎ᠤᠨ ᠸᠠᠺᠼᠢᠨ᠎ᠤ ᠠᠮᠤᠷ ᠲᠦᠪᠰᠢᠨ ᠴᠢᠨᠠᠷ᠎ᠢ ᠭᠦᠢᠴᠡᠳ ᠢᠯᠡᠷᠡᠭᠦᠯᠪᠡ ᠃ ᠪᠦᠷᠢᠳᠬᠡᠯ᠎ᠢ ᠦᠨᠳᠦᠰᠦᠯᠡᠪᠡᠯ ᠂ ᠮᠠᠨ᠎ᠤ ᠤᠯᠤᠰ᠎ᠤᠨ 7 ᠳ᠋ᠦᠩᠰᠢᠭᠤᠷ ᠭᠠᠷᠤᠶ ᠤᠳᠠᠭᠠᠨ᠎ᠤ ᠲᠠᠷᠢᠯᠭ᠎ᠠ᠎ᠶᠢᠨ ᠮᠠᠭᠤ ᠢᠯᠡᠷᠡᠯ ᠭᠠᠷᠤᠭᠰᠠᠠ ᠮᠡᠳᠡᠭᠦᠯᠦᠯᠲᠡ᠎ᠶᠢᠨ ᠡᠭᠦᠰᠬᠦ ᠨᠣᠷᠮ᠎ᠠ᠎ᠨᠢ 11.86 /10 ᠲᠦᠮᠡᠨ ᠤᠳᠠᠭ᠎ᠠ ᠪᠣᠯᠤᠨ᠎ᠠ ᠃ ᠡᠭᠦᠨ᠎ᠳ᠋ᠤ ᠂ ᠡᠩ᠎ᠤᠨ ᠲᠤᠰᠬᠠᠯ 83%᠎ᠶᠢ ᠡᠵᠡᠯᠡᠵᠦ ᠂ ᠬᠡᠪ᠎ᠤᠨ ᠪᠤᠰᠤ ᠲᠤᠰᠬᠠᠯ 17%᠎ᠶᠢ ᠡᠵᠡᠯᠡᠵᠦ ᠂ ᠡᠩ᠎ᠤᠨ ᠲᠤᠰᠬᠠᠯ ᠂ ᠬᠡᠪ᠎ᠤᠨ ᠪᠤᠰᠤ ᠲᠤᠰᠬᠠᠯ᠎ᠤᠨ ᠡᠭᠦᠰᠬᠦ ᠨᠣᠷᠮ᠎ᠠ᠎ᠨᠢ ᠴᠥᠮ 2019 ᠣᠨ᠎ᠤ ᠮᠠᠨ᠎ᠤ ᠤᠯᠤᠰ᠎ᠤᠨ ᠡᠩ᠎ᠤᠨ ᠲᠠᠷᠢᠯᠭ᠎ᠠ᠎ᠶᠢᠨ ᠡᠯ᠎ᠡ ᠲᠥᠷᠥᠯ᠎ᠤᠨ ᠸᠠᠺᠼᠢᠨ᠎ᠤ ᠳᠤᠮᠳᠠᠴᠢ ᠮᠡᠳᠡᠭᠦᠯᠦᠯᠲᠡ᠎ᠶᠢᠨ ᠬᠢᠷᠢ ᠲᠦᠪᠰᠢᠨ᠎ᠡᠴᠠ ᠳᠤᠤᠷ᠎ᠠ ᠪᠠᠶᠢᠨ᠎ᠠ ᠃
︽ ᠦᠯᠦ ᠬᠠᠯᠳᠠᠭᠠᠬᠤ ᠴᠢᠳᠠᠪᠤᠷᠢ᠎ᠶᠢᠨ ᠤᠷᠲᠤ ᠴᠠᠭᠠᠠ ᠭᠡᠷᠡᠮ ︾᠎ᠢ ᠪᠠᠢᠭᠤᠯᠵᠠᠢ ᠵᠢᠱᠢᠯᠲᠡ᠎ᠪᠠᠷ ᠵᠢᠯ᠎ᠤᠨ ᠡᠴᠦᠰ᠎ᠡᠴᠠ ᠡᠮᠦᠨ᠎ᠡ ᠨᠠᠭᠠᠳᠤ ᠵᠠᠬ᠎ᠠ᠎ᠳᠠᠭᠠᠨ 70%᠎ᠶᠢᠨ ᠬᠠᠷᠠᠯᠲᠠᠲᠦ ᠬᠥᠮᠦᠰ ᠸᠠᠺᠼᠢᠨ᠎ᠤ ᠲᠠᠷᠢᠯᠭ᠎ᠠ ᠬᠢᠨ᠎ᠠ
ᠠᠰᠠᠭᠤᠯᠲᠠ᠄ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠶᠢᠭᠤᠯᠤᠯᠲᠠ᠎ᠶᠢᠨ ᠮᠡᠳᠡᠭᠦᠯᠦᠯᠲᠡ᠎ᠶᠢ ᠦᠨᠳᠦᠰᠦᠯᠡᠪᠡᠯ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠪᠦᠬᠦ ᠳᠡᠯᠡᠬᠡᠢ᠎ᠳ᠋ᠤ ᠨᠢᠭᠡᠨᠲᠡ 300 ᠭᠠᠷᠤᠢ ᠲᠦᠮᠡᠨ ᠬᠥᠮᠦᠨ᠎ᠢ ᠦᠬᠦᠭᠦᠯᠵᠦ ᠂ 200 ᠭᠠᠷᠤᠢ ᠤᠯᠤᠰ ᠪᠠ ᠭᠠᠵᠠᠷ ᠣᠷᠣᠨ᠎ᠢ ᠨᠥᠯᠥᠭᠡᠯᠡᠪᠡ ᠃ ᠳᠤᠮᠳᠠᠳᠤ ᠤᠯᠤᠰ ᠶᠠᠭ ᠬᠠᠮᠤᠭ᠎ᠤᠨ ᠶᠡᠬᠡ ᠬᠡᠪᠴᠢᠶ᠎ᠠ᠎ᠲᠠᠢ ᠰᠢᠨ᠎ᠡ ᠲᠢᠲᠢᠮᠯᠢᠭ ᠸᠠᠺᠼᠢᠨ᠎ᠤ ᠲᠠᠷᠢᠯᠭ᠎ᠠ ᠲᠠᠷᠢᠬᠤ᠎ᠶᠢ ᠠᠬᠢᠭᠤᠯᠵᠤ ᠪᠠᠶᠢᠨ᠎ᠠ ᠂ ᠣᠳᠣᠬᠠᠨ᠎ᠳ᠋ᠤ ᠠᠬᠢᠴᠠ᠎ᠨᠢ ᠶᠠᠮᠠᠷ ᠵᠡᠷᠭᠡ ᠪᠠᠢᠬᠤ ᠪᠤᠢ ︖ ᠡᠭᠡᠯᠢᠯᠡᠭᠡ᠎ᠶᠢᠨ ᠬᠠᠯᠬᠠᠪᠴᠢ ᠪᠠᠶᠢᠭᠤᠯᠬᠤ᠎ᠡᠴᠠ ᠪᠠᠰᠠ ᠬᠡᠳᠦᠶ ᠬᠣᠯᠠ ᠪᠠᠢᠬᠤ ᠪᠤᠢ ︖
ᠬᠠᠷᠢᠭᠤᠯᠲᠠ ᠄ 3 ᠰᠠᠷ᠎ᠠ᠎ᠶᠢᠨ 24᠎ᠤ ᠡᠳᠦᠷ ᠂ ᠳᠤᠮᠳᠠᠳᠤ ᠤᠯᠤᠰ ᠰᠢᠨ᠎ᠡ ᠲᠢᠲᠢᠮᠯᠢᠭ᠎ᠤᠨ ᠸᠠᠺᠼᠢᠨ᠎ᠤ ᠲᠠᠷᠢᠯᠭ᠎ᠠ᠎ᠶᠢᠨ ︽ ᠡᠳᠦᠷ᠎ᠤᠨ ᠰᠣᠨᠢᠨ ︾᠎ᠤ ᠲᠦᠷᠢᠮ᠎ᠢ ᠵᠢᠩᠬᠢᠨᠢ᠎ᠪᠠᠷ ᠡᠬᠢᠯᠡᠭᠦᠯᠪᠡ ᠃ 5 ᠰᠠᠷ᠎ᠠ᠎ᠡᠴᠠ ᠨᠠᠭᠠᠰᠢ ᠂ ᠸᠠᠺᠼᠢᠨ᠎ᠤ ᠲᠠᠷᠢᠯᠭ᠎ᠠ ︽ ᠲᠦᠷᠭᠡᠨ ᠭᠦᠶᠦᠯᠲᠡ ︾᠎ᠳ᠋ᠤ ᠣᠷᠣᠵᠤ ᠂ ᠣᠳᠣᠬᠠᠨ᠎ᠳ᠋ᠤ ᠪᠦᠬᠦ ᠤᠯᠤᠰ᠎ᠤᠨ ᠰᠢᠨ᠎ᠡ ᠲᠢᠲᠢᠮᠯᠢᠭ᠎ᠤᠨ ᠸᠠᠺᠼᠢᠨ᠎ᠤ ᠲᠠᠷᠢᠯᠭ᠎ᠠ 7 ᠳ᠋ᠦᠩᠰᠢᠭᠤᠷ ᠤᠳᠠᠭ᠎ᠠ᠎ᠶᠢ ᠳᠠᠪᠠᠵᠤ ᠂ ᠳᠤᠮᠳᠠᠳᠤ ᠤᠯᠤᠰ᠎ᠤᠨ ᠸᠠᠺᠼᠢᠨ᠎ᠢ ᠳᠡᠯᠡᠬᠡᠢ ᠳᠡᠭᠡᠷᠡᠬᠢ ᠨᠡᠩ ᠤᠯᠠᠨ ᠤᠯᠤᠰ ᠮᠡᠳᠡᠷᠡᠵᠦ ᠬᠦᠯᠢᠶᠡᠨ ᠠᠪᠴᠠᠢ ᠃ ᠣᠶᠢᠷ᠎ᠠ᠎ᠳ᠋ᠤ ᠡᠭᠦᠰᠦᠭᠰᠡᠨ ᠲᠤᠬᠠᠶ᠎ᠶᠢᠨ ᠭᠠᠵᠠᠷ᠎ᠤᠨ ᠡᠪᠡᠳᠴᠢᠨ᠎ᠤ ᠵᠢᠱᠢᠶ᠎ᠡ᠎ᠳ᠋ᠤ ᠂ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠵᠤ ᠂ ︽ ᠡᠭᠡᠯᠢᠯᠡᠭᠡ᠎ᠶᠢᠨ ᠣᠷᠳᠣ ᠴᠠᠭᠠᠨ ᠬᠡᠷᠡᠮ ︾᠎ᠢ ᠬᠠᠮᠲᠤ᠎ᠪᠠᠷ ᠴᠣᠭᠴᠠᠯᠠᠵᠤ ᠂ ︽ ᠸᠠᠺᠼᠢᠨ᠎ᠤ ᠲᠠᠲᠠᠭᠠᠯᠵᠠᠯ ︾᠎ᠢ ᠪᠠᠭᠠᠰᠬᠠᠬᠤ᠎ᠳ᠋ᠤ ᠲᠠ ᠪᠢᠳᠡᠨ᠎ᠤ ᠳᠡᠮᠵᠢᠯᠭᠡ ᠴᠢᠬᠤᠯᠠᠲᠠᠶ ᠪᠠᠶᠢᠨ᠎ᠠ ᠃
ᠠᠰᠠᠭᠤᠯᠲᠠ᠄ ᠣᠯᠠᠨ ᠨᠡᠶᠢᠲᠡ᠎ᠶᠢᠨ ᠠᠩᠬᠠᠷᠴᠤ ᠪᠠᠶᠢᠭ᠎ᠠ ᠸᠢᠷᠦ᠋ᠰ᠎ᠤᠨ ᠤᠨᠳᠤᠤᠰᠢᠯ᠎ᠤᠨ ᠸᠠᠺᠼᠢᠨ᠎ᠳ᠋ᠤ ᠦᠵᠡᠭᠦᠯᠬᠦ ᠨᠥᠯᠥᠭᠡ᠎ᠳ᠋ᠤ ᠴᠢᠭᠯᠡᠭᠦᠯᠦᠨ ᠂ ᠪᠢᠳᠡ ᠪᠠᠰᠠ ᠶᠠᠮᠠᠷ ᠶᠠᠮᠠᠷ ᠰᠢᠨ᠎ᠡ ᠰᠤᠳᠤᠯᠭᠠᠨ ᠬᠢᠵᠦ ᠪᠠᠢᠬᠤ ᠪᠤᠢ ︖ ᠮᠠᠨᠠᠨᠲᠤᠭᠤᠯᠤᠨ ᠰᠣᠷᠣᠬᠤ ᠬᠡᠯᠪᠡᠷᠢ᠎ᠶᠢᠨ ᠰᠢᠨ᠎ᠡ ᠲᠢᠲᠢᠮᠯᠢᠭ᠎ᠤᠨ ᠸᠠᠺᠼᠢᠨ᠎ᠢ ᠪᠠᠴᠢᠮ ᠬᠡᠷᠡᠭᠯᠡᠵᠦ ᠪᠠᠶᠢᠭ᠎ᠠ ᠠᠬᠢᠴᠠ ᠶᠠᠮᠠᠷ ᠵᠡᠷᠭᠡ ᠪᠠᠶᠢᠬᠤ ᠪᠣᠶ ︖ ᠸᠠᠺᠼᠢᠨ᠎ᠢ ᠪᠠᠴᠢᠮ ᠬᠡᠷᠡᠭᠯᠡᠬᠦ ᠨᠠᠰᠤ᠎ᠶᠢ ᠳᠠᠬᠢᠨ ᠥᠷᠭᠡᠳᠬᠡᠬᠦ ᠦᠦ ︖
ᠬᠠᠷᠢᠭᠤᠯᠲᠠ᠄ ᠨᠢᠭᠡᠳᠦᠭᠡᠷ᠎ᠲᠤ ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠵᠠᠯᠭᠠᠮᠵᠢ ᠬᠠᠮᠢᠶ᠎ᠠ ᠪᠥᠬᠥᠶ ᠰᠤᠳᠤᠯᠭᠠᠨ᠎ᠢ ᠢᠳᠡᠪᠬᠢᠲᠡᠶ ᠠᠬᠢᠭᠤᠯᠤᠨ᠎ᠠ ᠂ ᠡᠭᠦᠨ᠎ᠳ᠋ᠤ ᠦᠨᠡᠡ ᠪᠤᠲᠠᠲᠠᠢ ᠲᠡᠯᠡᠭᠡᠢ᠎ᠶᠢᠨ ᠰᠤᠲᠤᠯᠭᠠᠠ ᠂ ᠡᠭᠡᠯᠢᠯᠡᠭᠡ᠎ᠶᠢᠨ ᠳᠠᠭᠠᠭᠠᠮᠠᠭᠠᠶ ᠴᠢᠨᠠᠷ᠎ᠤᠨ ᠰᠤᠳᠤᠯᠭᠠᠨ ᠵᠡᠷᠭᠡ᠎ᠶᠢ ᠪᠠᠭᠲᠠᠭᠠᠵᠤ ᠂ ᠸᠠᠺᠼᠢᠨ᠎ᠢ ᠴᠢᠨᠠᠭᠰᠢᠲᠠ ᠶᠡᠬᠡ ᠬᠡᠪᠴᠢᠶ᠎ᠡ ᠲᠠᠢ ᠪᠠᠷ ᠬᠡᠷᠡᠭᠯᠡᠬᠦ᠎ᠳ᠋ᠤ ᠯᠠᠪᠯᠠᠯᠲᠠ ᠬᠠᠩᠭᠠᠨ᠎ᠠ ᠃
ᠬᠣᠶᠠᠳᠤᠭᠠᠷ᠎ᠲᠤ ᠂ ᠣᠳᠣᠬᠠᠨ᠎ᠤ ᠰᠤᠳᠤᠯᠭᠠᠨ᠎ᠡᠴᠠ ᠦᠵᠡᠪᠡᠯ ᠂ ᠣᠲᠣ᠎ᠶᠢᠨ ᠸᠠᠺᠼᠢᠨ᠎ᠨᠢ ᠣᠲᠣ᠎ᠶᠢᠨ ᠸᠢᠷᠦ᠋ᠰ᠎ᠤᠨ ᠤᠨᠳᠤᠤᠰᠢᠯᠢ ᠡᠵᠡᠮᠳᠡᠵᠦ ᠴᠢᠳᠠᠨ᠎ᠠ ᠃ ᠭᠡᠪᠡᠴᠦ ᠵᠠᠪᠠᠯ ᠤᠷᠢᠳᠴᠢᠯᠠᠨ ᠪᠡᠯᠡᠳᠬᠡᠯ ᠬᠢᠬᠦ ᠬᠡᠷᠡᠭᠲᠡᠶ ᠂ ᠸᠢᠷᠦ᠋ᠰ ᠮᠥᠨ ᠬᠦ ᠪᠥᠬᠥ ᠳᠡᠯᠡᠬᠡᠶ᠎ᠶᠢᠨ ᠬᠡᠪᠴᠢᠶᠡᠨ᠎ᠳ᠋ᠤ ᠲᠦᠷᠭᠡᠨ ᠲᠠᠷᠬᠠᠵᠤ ᠪᠠᠶᠢᠭ᠎ᠠ ᠪᠠᠶᠢᠳᠠᠯ ᠳᠤᠤᠷ᠎ᠠ ᠂ ᠪᠢᠳᠡ ᠡᠷᠬᠡᠪᠰᠢ ᠸᠢᠷᠦ᠋ᠰ᠎ᠤᠨ ᠤᠨᠳᠤᠤᠰᠢᠭᠰᠠᠨ ᠪᠠᠶᠢᠳᠠᠯ᠎ᠢ ᠴᠢᠩᠭ᠎ᠠ ᠬᠢᠨᠠᠨ ᠬᠡᠮᠵᠢᠵᠦ ᠂ ᠰᠢᠨ᠎ᠡ ᠲᠢᠲᠢᠮᠯᠢᠭ ᠸᠢᠷᠦ᠋ᠰ᠎ᠤᠨ ᠬᠦᠨᠳᠦ ᠨᠣᠴᠢᠲᠠᠶ ᠤᠨᠳᠤᠤᠰᠢᠯᠢ ᠰᠡᠷᠭᠡᠢᠯᠡᠵᠦ ᠴᠢᠲᠠᠬᠤ ᠸᠠᠺᠼᠢᠨ᠎ᠢ ᠰᠤᠳᠤᠯᠤᠨ ᠨᠡᠭᠡᠭᠡᠬᠦ ᠠᠵᠢᠯ᠎ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ ᠃
ᠭᠤᠷᠪᠠᠳᠤᠭᠠᠷ᠎ᠲᠤ ᠂ ᠨᠠᠩ ᠣᠯᠠᠨ ᠸᠠᠺᠼᠢᠨ᠎ᠤ Ⅲ ᠬᠤᠭᠤᠴᠠᠭᠠᠨ᠎ᠤ ᠡᠮᠴᠢᠯᠡᠭᠡᠨ᠎ᠤ ᠲᠤᠷᠰᠢᠯᠲᠠ ᠥᠷᠨᠢᠭᠦᠯᠬᠦ᠎ᠶᠢ ᠢᠳᠡᠪᠬᠢᠲᠡᠶ ᠠᠬᠢᠭᠤᠯᠵᠤ ᠂ ᠨᠠᠩ ᠣᠯᠠᠨ ᠸᠠᠺᠼᠢᠨ᠎ᠤ ᠵᠠᠬ᠎ᠠ ᠳᠡᠯᠭᠡᠭᠦᠷ᠎ᠲᠤ ᠭᠠᠷᠬᠤ᠎ᠶᠢ ᠠᠬᠢᠭᠤᠯᠵᠤ ᠂ ᠨᠠᠩ ᠶᠡᠬᠡ ᠦᠢᠯᠡᠳᠪᠦᠷᠢᠯᠡᠬᠦ ᠴᠢᠳᠠᠪᠤᠷᠢ᠎ᠶᠢ ᠪᠦᠷᠢᠯᠳᠦᠭᠦᠯᠵᠦ ᠂ ᠡᠴᠦᠰ᠎ᠤᠨ ᠬᠠᠷᠠᠯᠲᠠ ᠪᠣᠯ ᠸᠠᠺᠼᠢᠨ᠎ᠤ ᠬᠠᠩᠭᠠᠯᠭ᠎ᠠ᠎ᠶᠢᠨ ᠬᠡᠮᠵᠢᠶ᠎ᠡ᠎ᠶᠢ ᠨᠡᠮᠡᠭᠳᠡᠭᠦᠯᠦᠨ᠎ᠡ ᠃
ᠳᠥᠷᠪᠡᠳᠦᠭᠡᠷ᠎ᠲᠤ ᠂ ᠬᠠᠮᠠᠷ᠎ᠢᠶᠠᠷ ᠰᠦᠷᠴᠢᠬᠦ ᠸᠠᠺᠼᠢᠨ ᠪᠣᠯ ᠮᠦᠨ ᠴᠤ ᠮᠠᠨ᠎ᠤ ᠬᠠᠮᠤᠭ᠎ᠤᠨ ᠡᠷᠲᠡ ᠪᠠᠶᠢᠷᠢᠯᠠᠭᠤᠯᠤᠭᠰᠠᠨ ᠮᠡᠷᠭᠡᠵᠢᠯ᠎ᠤᠨ ᠱᠤᠭᠤᠮ᠎ᠤᠨ ᠨᠢᠭᠡ ᠪᠣᠯᠤᠨ᠎ᠠ ᠂ ᠣᠳᠣᠬᠠᠨ᠎ᠳ᠋ᠤ ᠬᠣᠯᠪᠣᠭᠳᠠᠯ ᠪᠦᠬᠦᠢ ᠨᠢᠭᠡᠴᠢ ᠶᠠᠭ ᠬᠠᠮᠠᠷ᠎ᠢᠶᠠᠷ ᠰᠦᠷᠴᠢᠬᠦ ᠪᠠ ᠮᠠᠨᠠᠨᠲᠤᠭᠤᠯᠵᠦ ᠰᠤᠷᠤᠬᠤ ᠮᠠᠢᠭ᠎ᠤᠨ ᠰᠢᠨ᠎ᠡ ᠲᠢᠲᠢᠮᠯᠢᠭ᠎ᠤᠨ ᠸᠠᠺᠼᠢᠨ᠎ᠤ ᠡᠮᠴᠢᠯᠡᠭᠡᠨ᠎ᠤ ᠲᠤᠷᠰᠢᠯᠲᠠ᠎ᠶᠢ ᠥᠷᠨᠢᠭᠦᠯᠬᠦ᠎ᠶᠢᠨ ᠬᠠᠮᠲᠤ ᠲᠣᠭ᠎ᠠ ᠪᠠᠷᠢᠮᠲᠠ᠎ᠶᠢ ᠪᠦᠷᠢᠳᠬᠡᠨ ᠵᠠᠳᠠᠯᠤᠯᠲᠠ ᠬᠢᠵᠦ ᠪᠠᠶᠢᠨ᠎ᠠ ᠂ ᠲᠣᠭ᠎ᠠ ᠪᠠᠷᠢᠮᠲᠠ ᠦᠨᠳᠦᠰᠦᠨ᠎ᠳ᠋ᠡᠭᠡᠨ ᠪᠦᠷᠢᠨ ᠪᠣᠯᠤᠭᠰᠠᠨ᠎ᠤ ᠳᠠᠷᠠᠭ᠎ᠠ ᠂ ᠪᠢᠳᠡ ᠲᠣᠬᠢᠷᠠᠮᠵᠢᠲᠠᠢ ᠦᠶ᠎ᠡ᠎ᠳ᠋ᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶᠢᠭᠤᠯᠵᠤ ᠲᠡᠭᠦᠨ᠎ᠤ ᠠᠮᠤᠷ ᠲᠦᠪᠰᠢᠨ ᠴᠢᠨᠠᠷ ᠪᠠ ᠪᠦᠳᠦᠮᠵᠢᠳᠤ ᠴᠢᠨᠠᠷ᠎ᠢ ᠨᠤᠲᠠᠯᠠᠭᠤᠯᠤᠨ᠎ᠠ ᠃
ᠲᠠᠪᠤᠳᠤᠭᠠᠷ᠎ᠲᠤ ᠂ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠬᠡᠷᠡᠭᠯᠡᠬᠦ ᠬᠥᠮᠦᠰ ᠨᠢᠭᠡᠨᠲᠡ 18 ᠨᠠᠰᠤᠨ᠎ᠡᠴᠠ ᠳᠡᠭᠡᠭᠰᠢ ᠪᠤᠯᠵᠤ ᠂ ᠲᠠᠷᠢᠬᠴᠢᠳ᠎ᠤᠨ ᠬᠠᠮᠤᠭ᠎ᠤᠨ ᠶᠡᠬᠡ ᠨᠠᠰᠤ᠎ᠨᠢ 100 ᠨᠠᠰᠤ᠎ᠶᠢ ᠳᠠᠪᠠᠭᠰᠠᠨ ᠪᠠᠶᠢᠨ᠎ᠠ ᠃ ᠣᠳᠣᠬᠠᠨ᠎ᠳ᠋ᠤ ᠲᠤᠰᠬᠠᠶ ᠮᠡᠷᠭᠡᠵᠢᠯᠲᠡᠨ ᠨᠢᠭᠡᠨᠲᠡ 3᠎ᠡᠴᠠ 17 ᠨᠠᠰᠤᠨ᠎ᠤ ᠬᠥᠮᠦᠰ᠎ᠤᠨ ᠸᠠᠺᠼᠢᠨ ᠬᠡᠷᠡᠭᠯᠡᠬᠦ ᠠᠶᠤᠯᠭᠦᠶ ᠴᠢᠨᠠᠷ ᠪᠠ ᠪᠦᠳᠦᠮᠵᠢᠳᠦ ᠴᠢᠨᠠᠷ᠎ᠲᠤ ᠨᠤᠲᠠᠯᠠᠯᠲᠠ ᠬᠢᠵᠦ ᠪᠠᠶᠢᠨ᠎ᠠ ᠂ ᠤᠯᠤᠰ᠎ᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠢᠶᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠂ ᠬᠡᠷᠡᠭᠴᠡᠭᠡ᠎ᠪᠠᠨ ᠦᠨᠳᠦᠰᠦᠯᠡᠨ ᠡᠲᠡᠭᠡᠷ ᠬᠥᠮᠦᠰ᠎ᠲᠤ ᠬᠡᠷᠡᠭᠯᠡᠬᠦ ᠪᠣᠯᠤᠨ᠎ᠠ ᠃
ᠵᠢᠷᠭᠤᠳᠤᠭᠠᠷ᠎ᠲᠤ ᠂ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠶᠢᠭᠤᠯᠤᠯᠲᠠ ᠪᠦᠬᠦ ᠲᠡᠯᠡᠭᠡᠢ᠎ᠶᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠵᠦ ᠪᠠᠶᠢᠭ᠎ᠠ ᠪᠣᠳᠠᠲᠤ ᠪᠠᠶᠢᠳᠠᠯ᠎ᠢ ᠦᠨᠳᠦᠰᠦᠯᠡᠨ ᠂ ᠰᠢᠨ᠎ᠡ ᠲᠢᠲᠢᠮᠯᠢᠭ᠎ᠤᠨ ᠠᠭᠤᠰᠬᠢᠨ ᠦᠷᠪᠢᠰᠦᠯ ᠸᠠᠺᠼᠢᠨ᠎ᠢ ᠪᠠᠴᠢᠮ ᠬᠡᠷᠡᠭᠯᠡᠬᠦ ᠨᠠᠷᠢᠨ ᠲᠠᠩᠰᠠ᠎ᠶᠢᠨ ᠲᠦᠷᠢᠮ᠎ᠳ᠋ᠤ ᠴᠠᠭ ᠲᠤᠬᠠᠢ᠎ᠳ᠋ᠤᠨᠢ ᠲᠤᠬᠢᠷᠠᠭᠤᠯᠤᠯᠳᠠ ᠬᠢᠬᠦ᠎ᠶᠢ ᠪᠢᠳᠡ ᠪᠠᠰᠠ ᠰᠠᠨᠠᠭᠠᠴᠢᠯᠠᠵᠤ ᠪᠠᠶᠢᠨ᠎ᠠ ᠃ ᠵᠢᠱᠢᠶᠡᠯᠡᠪᠡᠯ ᠂ ᠠᠮᠢᠲᠠᠨ᠎ᠤ ᠲᠤᠷᠰᠢᠯᠲᠠ ᠂ Ⅰ/Ⅱ ᠬᠤᠭᠤᠴᠠᠭᠠᠨ᠎ᠤ ᠡᠮᠴᠢᠯᠡᠭᠡᠨ᠎ᠤ ᠲᠤᠷᠰᠢᠯᠲᠠ᠎ᠶᠢᠨ ᠦᠷ᠎ᠡ ᠪᠦᠲᠦᠮᠵᠢ᠎ᠨᠢ ᠮᠠᠰᠢ ᠰᠠᠶᠢᠨ ᠪᠠᠶᠢᠵᠤ ᠂ ᠦᠢᠯᠡᠳᠪᠦᠷᠢᠯᠡᠯ ᠨᠢ ᠴᠦ GMP᠎ᠶᠢᠨ ᠪᠠᠷᠢᠮᠵᠢᠶ᠎ᠠ᠎ᠳ᠋ᠤ ᠪᠦᠷᠢᠮᠦᠰᠦᠨ ᠨᠡᠶᠢᠴᠡᠵᠦ ᠪᠠᠶᠢᠬᠤ ᠪᠣᠯᠬᠣᠷ Ⅲᠬᠤᠭᠤᠴᠠᠭᠠᠨ᠎ᠤ ᠡᠮᠴᠢᠯᠡᠭᠡᠨ᠎ᠤ ᠲᠤᠷᠰᠢᠯᠲᠠ᠎ᠶᠢ ᠬᠡᠯᠲᠦᠷᠢᠭᠦᠯᠬᠦ᠎ᠶᠢ ᠪᠣᠳᠣᠯᠬᠢᠯᠠᠵᠤ ᠂ ᠰᠠᠭᠠᠷᠮᠠᠭᠵᠢᠭᠰᠠᠨ ᠲᠠᠭᠠᠭᠠᠭᠴᠢ᠎ᠶᠢ ᠪᠣᠷᠣᠯᠠᠬᠤ ᠭᠦᠢᠴᠡᠳᠭᠡᠯ ᠲᠣᠭ᠎ᠠ ᠪᠣᠯᠭᠠᠪᠠᠯ ᠵᠣᠬᠢᠨ᠎ᠠ ᠂ ᠢᠩᠭᠢᠪᠡᠯ ᠸᠠᠺᠼᠢᠨ᠎ᠤ ᠬᠠᠩᠭᠠᠯᠭ᠎ᠠ᠎ᠶᠢᠨ ᠬᠡᠮᠵᠢᠶ᠎ᠡ᠎ᠶᠢ ᠶᠡᠬᠡ᠎ᠪᠠᠷ ᠳᠡᠭᠡᠭᠰᠢᠯᠡᠭᠦᠯᠵᠦ ᠴᠢᠳᠠᠨ᠎ᠠ ᠃
︵ ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ᠎ᠶᠢᠨ 6᠎ᠤ ᠴᠠᠬᠢᠯᠭᠠᠨ ᠮᠡᠳᠡᠭᠡ᠎ᠡᠴᠠ ︶
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃