ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-06-17 11:36:18

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

︽ ᠮᠠᠨ᠎ᠤ ᠤᠯᠤᠰ᠎ᠤᠨ ᠬᠢᠵᠢᠭ᠎ᠤᠨ ᠪᠠᠶᠢᠳᠠᠯ᠎ᠢ ᠨᠡᠯᠢᠶᠡᠳ ᠰᠠᠶᠢᠨ ᠡᠵᠡᠮᠳᠡᠵᠦ ᠪᠠᠶᠢᠬᠤ᠎ᠳ᠋ᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠶᠡᠬᠡ ᠬᠡᠪᠴᠢᠶ᠎ᠡ᠎ᠪᠠᠷ ᠳᠠᠷᠢᠬᠤ ᠴᠢᠬᠤᠯᠠᠲᠠᠶ ‍ᠦᠦ ︖ ︾ ᠣᠯᠠᠨ ᠲᠦᠮᠡᠨ᠎ᠤ ᠡᠶᠢᠮᠦᠷᠬᠦᠤ ᠰᠡᠵᠢᠭᠯᠡᠯ᠎ᠳ᠋ᠤ ᠴᠢᠭᠯᠡᠭᠦᠯᠦᠨ ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠳᠡᠳ᠋ ᠡᠷᠬᠢᠯᠡᠭᠴᠢ ᠹᠦ᠋ ᠷᠦᠢ ᠹᠸᠩ ᠂ ᠣᠳᠣᠬᠠᠨ᠎ᠳ᠋ᠤ ᠮᠠᠨ᠎ᠤ ᠤᠯᠤᠰ ᠬᠢᠵᠢᠭ᠎ᠤᠨ ᠪᠠᠶᠢᠳᠠᠯ᠎ᠢ ᠨᠡᠯᠢᠶᠡᠳ ᠰᠠᠶᠢᠨ ᠡᠵᠡᠮᠳᠡᠵᠦ ᠪᠠᠶᠢᠭ᠎ᠠ ᠪᠣᠯᠪᠠᠴᠤ ᠪᠥᠬᠥ ᠳᠡᠯᠡᠬᠡᠶ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠮᠥᠨ ᠬᠦ ᠶᠡᠬᠡ᠎ᠪᠠᠷ ᠳᠡᠯᠭᠡᠷᠡᠵᠦ ᠂ ᠮᠠᠨ᠎ᠤ ᠤᠯᠤᠰ᠎ᠲᠤ ᠮᠥᠨ ᠬᠦ ᠬᠢᠯᠢ᠎ᠶᠢᠨ ᠭᠠᠳᠠᠨ᠎ᠠ᠎ᠡᠴᠠ ᠬᠠᠯᠳᠠᠪᠤᠷᠢᠯᠠᠨ ᠣᠷᠣᠵᠤ ᠢᠷᠡᠬᠦ ᠪᠠ ᠬᠡᠰᠡᠭ ᠭᠠᠵᠠᠷ᠎ᠲᠤ ᠳᠡᠯᠭᠡᠷᠡᠬᠦ ᠠᠶᠤᠯ ᠲᠦᠭᠰᠢᠭᠦᠷᠢ ᠣᠷᠣᠰᠢᠵᠤ ᠪᠠᠶᠢᠨ᠎ᠠ ᠂ ᠸᠠᠺᠼᠢᠨ ᠳᠠᠷᠢᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠠᠮᠤᠭ᠎ᠤᠨ ᠪᠦᠲᠦᠮᠵᠢᠲᠡᠶ ᠠᠷᠭ᠎ᠠ ᠮᠥᠨ ᠂ ᠸᠠᠺᠼᠢᠨ ᠳᠠᠷᠢᠬᠤ᠎ᠪᠠᠷ ᠳᠠᠮᠵᠢᠭᠤᠯᠤᠨ ᠬᠥᠮᠦᠰ᠎ᠤᠨ ᠬᠠᠯᠳᠠᠪᠤᠷᠢᠯᠠᠬᠤ ᠨᠣᠷᠮ᠎ᠠ ᠂ ᠬᠦᠨᠳᠦ ᠡᠪᠡᠳᠴᠢᠨ᠎ᠤ ᠨᠣᠷᠮ᠎ᠠ ᠪᠠ ᠥᠭᠦᠬᠦ ᠨᠣᠷᠮ᠎ᠠ᠎ᠶᠢ ᠪᠠᠭᠤᠷᠠᠭᠤᠯᠵᠤ ᠂ ᠪᠣᠳᠠᠭᠠᠯᠢ ᠪᠡᠶ᠎ᠡ ᠪᠠ ᠬᠠᠮᠲᠤ ᠨᠡᠶᠢᠲᠡ᠎ᠳ᠋ᠤ ᠴᠥᠮ ᠪᠦᠲᠦᠮᠵᠢᠲᠡᠶ ᠬᠠᠮᠠᠭᠠᠯᠠᠬᠤ ᠦᠢᠯᠡᠳᠦᠯ ᠦᠵᠡᠭᠦᠯᠬᠦ ᠪᠣᠯᠤᠨ᠎ᠠ ᠭᠡᠪᠡ ᠃

ᠹᠦ᠋ ᠷᠦᠢ ᠹᠸᠩ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠲᠠᠷᠢᠬᠤ ᠪᠣᠯ ᠠᠷᠠᠳ ᠢᠷᠭᠡᠨ ᠨᠢᠭᠡᠪᠦᠷᠢ᠎ᠶᠢᠨ ᠡᠭᠦᠷᠭᠡ ᠬᠠᠷᠢᠭᠤᠴᠠᠯᠭ᠎ᠠ ᠮᠥᠨ ᠃ ᠸᠠᠺᠼᠢᠨ ᠳᠠᠷᠢᠬᠤ ᠬᠥᠮᠦᠨ ᠬᠡᠳᠦᠶ ᠣᠯᠠᠨ ᠪᠣᠯᠬᠤ ᠲᠤᠲᠤᠮ ᠡᠭᠡᠯᠢᠯᠡᠭᠡ᠎ᠶᠢᠨ ᠴᠢᠳᠠᠪᠤᠷᠢ᠎ᠲᠠᠢ ᠬᠥᠮᠦᠨ ᠴᠦ ᠲᠡᠳᠦᠶ ᠣᠯᠠᠨ ᠪᠣᠯᠵᠣ ᠂ ᠬᠥᠮᠦᠰ᠎ᠤᠨ ᠲᠠᠷᠢᠯᠭ᠎ᠠ ᠳᠠᠷᠢᠬᠤ ᠨᠣᠷᠮ᠎ᠠ 85%᠎ᠡᠴᠠ ᠳᠡᠭᠡᠭᠰᠢ ᠪᠣᠯᠬᠤ ᠦᠶ᠎ᠡ᠎ᠳ᠋ᠤ ᠳᠠᠷᠤᠶ ᠬᠥᠮᠦᠰ᠎ᠤᠨ ᠡᠭᠡᠯᠢᠯᠡᠭᠡ᠎ᠶᠢᠨ ᠬᠠᠯᠬᠠᠪᠴᠢ᠎ᠶᠢ ᠪᠣᠶ ᠪᠣᠯᠭᠠᠵᠤ ᠂ ᠰᠢᠨ᠎ᠡ ᠲᠢᠲᠢᠮᠯᠢᠭ ᠸᠢᠷᠦ᠋ᠰ᠎ᠤᠨ ᠬᠥᠮᠦᠰ᠎ᠤᠨ ᠳᠤᠮᠳᠠ ᠬᠠᠯᠳᠠᠪᠤᠷᠢᠯᠠᠬᠤ᠎ᠶᠢ ᠪᠦᠲᠦᠮᠵᠢᠲᠡᠶ ᠬᠣᠷᠢᠬᠯᠠᠵᠤ ᠂ ᠥᠪᠡᠷ᠎ᠢ᠎ᠪᠠᠨ ᠬᠠᠮᠠᠭᠠᠯᠠᠬᠤ ᠂ ᠬᠡᠷ᠎ᠤᠨ ᠬᠥᠮᠦᠰ᠎ᠢᠶᠡᠨ ᠬᠠᠮᠠᠭᠠᠯᠠᠬᠤ ᠂ ᠪᠤᠰᠤᠳ᠎ᠢ ᠬᠠᠮᠠᠭᠠᠯᠠᠬᠤ ᠂ ᠡᠷᠬᠢᠨ ᠲᠣᠭᠣᠷᠢᠨ᠎ᠤ ᠬᠥᠮᠦᠰ᠎ᠢᠶᠡᠨ ᠬᠠᠮᠠᠭᠠᠯᠠᠬᠤ ᠦᠢᠯᠡᠳᠦᠯ ᠦᠵᠡᠭᠦᠯᠵᠦ ᠂ ᠬᠢᠯᠪᠠᠷ ᠪᠤᠰᠤ᠎ᠪᠠᠷ ᠣᠯᠤᠭᠰᠠᠨ ᠬᠢᠵᠢᠭ᠎ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ᠎ᠢ ᠰᠠᠶᠢᠲᠤᠷ ᠪᠡᠬᠢᠵᠢᠭᠦᠯᠵᠦ ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ᠎ᠶᠢ ᠪᠠᠲᠤᠯᠠᠬᠤ ᠂ ᠠᠵᠤ ᠠᠬᠤᠶ ᠨᠡᠶᠢᠭᠡᠮ᠎ᠤᠨ ᠡᠮᠬᠢ ᠳᠢᠭᠯᠢᠮ᠎ᠤᠨ ᠦᠷᠭᠦᠯᠵᠢᠯᠡᠨ ᠰᠠᠶᠢᠵᠢᠷᠠᠬᠤ ᠬᠥᠭᠵᠢᠯᠲᠡ᠎ᠶᠢ ᠪᠡᠶᠡᠯᠡᠭᠦᠯᠬᠦ᠎ᠳ᠋ᠤ ᠪᠠᠲᠤᠯᠠᠭ᠎ᠠ ᠬᠠᠩᠭᠠᠵᠤ ᠴᠢᠳᠠᠨ᠎ᠠ ᠭᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面