2021-06-21 10:18:32
ᠤᠢᠷ᠎ᠠ᠎ᠳ᠋ᠤ ᠂ ᠮᠠᠨ᠎ᠤ ᠤᠷᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠯᠠᠪᠳᠠᠭᠤᠨ᠎ᠢᠶᠠᠷ ᠠᠬᠢᠭᠤᠯᠬᠤ᠎ᠶᠢᠨ ᠬᠠᠮᠲᠤ ᠂ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠤᠬᠠᠭᠤᠯᠭ᠎ᠠ ᠵᠢᠯᠣᠭᠣᠳᠣᠯᠭ᠎ᠠ᠎ᠶᠢ ᠲᠠᠰᠤᠷᠠᠯᠲᠠ ᠥᠬᠡᠶ ᠴᠢᠩᠭᠠᠳᠬᠠᠵᠥ ᠪᠤᠢ ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ᠎ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠣᠯᠠᠨ ᠨᠡᠶᠢᠲᠡ᠎ᠳ᠋ᠤ ᠮᠠᠨ᠎ᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠠᠮᠤᠷ ᠲᠦᠪᠰᠢᠨ ᠴᠢᠨᠠᠷ ᠂ ᠪᠦᠳᠦᠮᠵᠢᠳᠤ ᠴᠢᠨᠠᠷ ᠂ ᠵᠦᠭᠡᠭᠡᠪᠦᠷᠢᠯᠡᠨ ᠬᠡᠷᠡᠭᠯᠡᠬᠦ ᠲᠠᠯ᠎ᠠ᠎ᠶᠢᠨ ᠳᠠᠪᠠᠭᠤᠯᠢᠭ ᠣᠨᠴᠠᠯᠢᠭ᠎ᠢ ᠲᠣᠳᠣᠷᠬᠠᠶᠢᠯᠠᠨ ᠥᠭᠦᠯᠡᠵᠦ ᠂ ᠣᠯᠠᠨ ᠲᠦᠮᠡᠨ᠎ᠤ ᠵᠦᠶ ᠵᠣᠬᠢᠰᠲᠠᠶ ᠵᠢᠱᠢᠯᠲᠡ᠎ᠶᠢ ᠬᠥᠲᠥᠯᠥᠨ ᠵᠢᠯᠣᠭᠣᠳᠴᠤ ᠂ ᠨᠡᠶᠢᠭᠡᠮ᠎ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ᠎ᠳ᠋ᠤ ᠬᠠᠷᠢᠭᠤ ᠦᠭᠪᠡ ᠃ ᠡᠯ᠎ᠡ ᠭᠠᠵᠠᠷ ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠷᠠᠳᠢᠣ᠋ ᠨᠡᠪᠲᠡᠷᠡᠭᠦᠯᠭᠡ ᠂ ᠲᠧᠯᠸᠢᠰ ᠂ ᠰᠦᠯᠵᠢᠶ᠎ᠡ ᠵᠡᠷᠭᠡ ᠵᠠᠭᠤᠴᠢᠯᠠᠭᠤᠷ᠎ᠢ ᠭᠦᠢᠴᠡᠳ ᠠᠰᠢᠬᠯᠠᠨ ᠣᠯᠠᠨ ᠨᠡᠶᠢᠲᠡ᠎ᠳ᠋ᠤ ᠰᠢᠨᠵᠢᠯᠡᠬᠦ ᠤᠬᠠᠭᠠᠨ᠎ᠤ ᠮᠡᠳᠡᠭᠡ ᠵᠠᠩᠭᠢ᠎ᠶᠢ ᠳᠠᠮᠵᠢᠭᠤᠯᠵᠤ ᠂ ᠸᠠᠺᠼᠢᠨ᠎ᠤ ᠡᠷᠡᠭᠦᠯ ᠮᠡᠨᠳᠦ᠎ᠶᠢ ᠬᠠᠮᠠᠭᠠᠯᠠᠬᠤ᠎ᠳ᠋ᠤ ᠦᠵᠡᠭᠦᠯᠬᠦ ᠦᠢᠯᠡᠳᠦᠯ᠎ᠢ ᠥᠷᠭᠡᠨ᠎ᠢᠶᠠᠷ ᠤᠬᠠᠭᠤᠯᠵᠤ ᠂ ᠪᠥᠬᠥ ᠨᠡᠶᠢᠭᠡᠮᠢᠶᠠᠷᠢᠶᠡᠨ ᠬᠠᠮᠲᠤ᠎ᠪᠠᠷ ᠬᠠᠯᠠᠮᠵᠢᠯᠠᠨ ᠳᠡᠮᠵᠢᠬᠦ ᠣᠷᠴᠢᠨ ᠲᠣᠭᠣᠷᠢᠨ᠎ᠤ ᠠᠭᠤᠷ ᠠᠮᠢᠰᠬᠤᠯ᠎ᠢ ᠪᠣᠶ ᠪᠣᠯᠭᠠᠬᠤ᠎ᠶᠢᠨ ᠬᠠᠮᠲᠤ ᠣᠯᠠᠨ ᠲᠦᠮᠡᠨ᠎ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ᠎ᠳ᠋ᠤ ᠡᠷᠬᠡ ᠰᠦᠷᠲᠦ ᠬᠠᠷᠢᠭᠤ ᠲᠤᠰᠬᠠᠯ ᠥᠭᠴᠦ ᠂ ᠣᠯᠠᠨ ᠲᠦᠮᠡᠨ᠎ᠤ ᠡᠷᠡᠭᠡᠯᠵᠡᠯ᠎ᠢ ᠠᠷᠢᠯᠭᠠᠵᠤ ᠂ ᠣᠯᠠᠨ ᠲᠦᠮᠡᠨ᠎ᠤ ᠢᠳᠡᠪᠬᠢᠲᠡᠶ ᠲᠠᠷᠢᠯᠭ᠎ᠠ ᠬᠢᠬᠦ᠎ᠶᠢ ᠬᠥᠲᠥᠯᠥᠨ ᠵᠢᠯᠣᠭᠣᠳᠬᠤ᠎ᠶᠢᠨ ᠬᠠᠮᠲᠤ ᠵᠣᠷᠢᠭᠵᠢᠭᠤᠯᠵᠤ ᠂ ᠰᠠᠨᠠᠭᠠᠴᠢᠯᠠᠭ᠎ᠠ᠎ᠡᠴᠠ᠎ᠪᠠᠨ ᠲᠠᠷᠢᠯᠭ᠎ᠠ ᠬᠢᠵᠦ ᠂ ᠪᠥᠬᠥ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠬᠦᠴᠦᠲᠡᠶ ᠠᠬᠢᠭᠤᠯᠵᠥ ᠪᠤᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃