2021-06-24 16:31:32
ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ᠎ᠶᠢᠨ 21᠎ᠤ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ 20᠎ᠤ ᠡᠳᠦᠷ ᠨᠡᠢᠲᠡᠯᠡᠬᠥᠳ᠋ᠡᠭᠡᠨ ᠂ 19᠎ᠤ ᠡᠳᠦᠷ ᠪᠣᠯᠲᠠᠯ᠎ᠠ ᠂ ᠪᠦᠬᠦ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ 10 ᠳ᠋ᠦᠩᠰᠢᠭᠤᠷ ᠤᠳᠠᠭ᠎ᠠ᠎ᠶᠢ ᠳᠠᠪᠠᠪᠠ ᠃ ᠡᠨᠡ ᠬᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ᠎ᠡᠴᠠ ᠨᠠᠭᠠᠰᠢ ᠬᠡᠷᠡᠭᠵᠢᠭᠦᠯᠦᠭᠰᠡᠨ ᠬᠡᠪᠴᠢᠶ᠎ᠡ᠎ᠪᠠᠷ ᠬᠠᠮᠤᠭ᠎ᠤᠨ ᠶᠡᠬᠡ ᠲᠠᠷᠢᠯᠭ᠎ᠠ᠎ᠶᠢᠨ ᠠᠵᠢᠯ᠎ᠨᠢ ᠴᠢᠬᠤᠯᠠ ᠶᠡᠬᠡ ᠪᠡᠯᠭᠡ ᠲᠡᠮᠳᠡᠭ᠎ᠤᠨ ᠴᠢᠨᠠᠷᠲᠠᠶ ᠵᠠᠩᠭᠢᠯᠠᠭ᠎ᠠ᠎ᠶᠢᠨ ᠴᠡᠭ᠎ᠢ ᠤᠭᠲᠤᠨ ᠠᠪᠤᠪᠠ ᠃ ᠭᠠᠳᠠᠭᠠᠳᠤ᠎ᠶᠢᠨ ᠬᠥᠮᠦᠰ ᠪᠣᠯᠤᠨ ᠵᠠᠭᠤᠴᠢᠯᠠᠭᠤᠷ᠎ᠤᠨ᠎ᠬᠢᠨ ᠡᠭᠦᠨ᠎ᠢ ᠢᠳᠡᠪᠬᠢᠲᠡᠢ ᠦᠨᠡᠯᠡᠵᠦ ᠂ ᠳᠤᠮᠳᠠᠳᠤ ᠤᠯᠤᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠬᠤᠷᠳᠤᠴᠠ᠎ᠶᠢ ᠭᠠᠢᠬᠠᠪᠠ ᠬᠡᠵᠡᠢ ᠃
ᠶᠧᠵᠢᠫᠲ᠎ᠤᠨ ᠠᠢᠨᠱᠠᠮᠰ ᠶᠡᠬᠡ ᠰᠤᠷᠭᠠᠭᠤᠯᠢ᠎ᠶᠢᠨ ᠺᠦᠩᠽᠢ ᠳᠡᠭᠡᠳᠦ ᠰᠤᠷᠭᠠᠭᠤᠯᠢ᠎ᠶᠢᠨ ᠭᠠᠳᠠᠭᠠᠳᠤ᠎ᠶᠢᠨ ᠲᠠᠯ᠎ᠠ᠎ᠶᠢᠨ ᠵᠠᠬᠢᠷᠤᠯ ᠂ ︽ ᠨᠢᠭᠡ ᠪᠦᠰᠡ ᠨᠢᠭᠡ ᠵᠠᠮ ︾᠎ᠤᠨ ᠰᠤᠳᠤᠯᠭᠠᠨ᠎ᠤ ᠲᠥᠪ᠎ᠤᠨ ᠡᠷᠬᠢᠯᠡᠭᠴᠢ ᠢᠰᠯᠠ · ᠮᠦᠬᠠᠨᠮᠦ᠋ᠳ᠋ ᠫᠷᠤᠹᠸᠰᠰᠤᠷ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠎ᠶᠢᠨ ᠰᠤᠷᠪᠤᠯᠵᠢᠯᠠᠭ᠎ᠠ᠎ᠶᠢ ᠬᠦᠯᠢᠶᠡᠬᠦ᠎ᠳ᠋ᠡᠭᠡᠨ ᠂ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠦᠢᠯᠡᠳᠪᠦᠷᠢᠯᠡᠵᠦ ᠂ ᠲᠠᠷᠢᠯᠭ᠎ᠠ ᠲᠠᠷᠢᠵᠤ ᠪᠠᠶᠢᠭ᠎ᠠ ᠬᠤᠷᠳᠤᠴᠠ᠎ᠨᠢ ᠳᠡᠯᠡᠬᠡᠢ ᠳ᠋ᠠᠬᠢᠨ᠎ᠢ ᠪᠢᠰᠢᠷᠡᠭᠦᠯᠵᠡᠢ ᠭᠡᠵᠤ ᠬᠡᠯᠡᠪᠡ ᠃ ᠲᠡᠷᠡ ᠂ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ 10 ᠳ᠋ᠦᠩᠰᠢᠭᠤᠷ ᠤᠳᠠᠭ᠎ᠠ᠎ᠶᠢ ᠳᠠᠪᠠᠪᠠ ᠂ ᠪᠦᠬᠦ ᠳᠡᠯᠡᠬᠡᠢ᠎ᠳ᠋ᠤ ᠠᠪᠴᠤ ᠬᠡᠯᠡᠪᠡᠯ ᠂ ᠡᠨᠡ ᠪᠣᠯ ᠬᠥᠮᠦᠨ᠎ᠢ ᠰᠣᠴᠢᠭᠠᠮ᠎ᠠ ᠴᠢᠮᠡᠭᠡ ᠪᠣᠯᠤᠨ᠎ᠠ ᠃ ᠳᠤᠮᠳᠠᠳᠤ ᠤᠯᠤᠰ 14 ᠳ᠋ᠦᠩᠰᠢᠭᠤᠷ ᠭᠠᠷᠤᠢ ᠬᠥᠮᠦᠨ ᠠᠮᠠ᠎ᠲᠠᠢ ᠤᠯᠤᠰ ᠪᠣᠯᠤᠭᠰᠠᠨ᠎ᠤ ᠬᠤᠪᠢ᠎ᠳ᠋ᠤ ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠲᠠᠷᠢᠬᠤ ᠲᠠᠯ᠎ᠠ᠎ᠪᠠᠷ ᠪᠦᠬᠦ ᠳᠡᠯᠡᠬᠡᠢ᠎ᠳ᠋ᠤ ᠬᠠᠨᠤᠮᠵᠢᠲᠠᠢ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠵᠤ ᠂ ᠬᠥᠮᠦᠰ᠎ᠲᠤ ᠳᠤᠮᠳᠠᠳᠤ ᠤᠯᠤᠰ᠎ᠤᠨ ᠸᠠᠺᠼᠢᠨ᠎ᠤ ᠦᠢᠯᠡᠳᠪᠦᠷᠢᠯᠡᠯ ᠬᠠᠩᠭᠠᠯᠭ᠎ᠠ᠎ᠶᠢᠨ ᠴᠢᠳᠠᠪᠤᠷᠢ ᠪᠣᠯᠤᠨ ᠨᠡᠶᠢᠭᠡᠮ᠎ᠢ ᠲᠠᠢᠴᠢᠯᠠᠨ ᠵᠣᠬᠢᠶᠠᠨ ᠪᠠᠶᠢᠭᠤᠯᠬᠤ ᠴᠢᠳᠠᠪᠤᠷᠢ᠎ᠶᠢ ᠭᠡᠷᠡᠴᠢᠯᠡᠵᠠᠢ ᠭᠡᠵᠤ ᠬᠡᠯᠡᠪᠡ ᠃
ᠠᠮᠧᠷᠢᠺᠠ᠎ᠶᠢᠨ ᠤᠲᠠᠰᠤᠲᠤ ᠲᠧᠯᠸᠢᠰ᠎ᠤᠨ ᠰᠣᠨᠢᠨ ᠮᠡᠳᠡᠭᠡᠨ᠎ᠤ ᠰᠦᠯᠵᠢᠶ᠎ᠡ 20᠎ᠤ ᠡᠳᠦᠷ ᠂ ᠳᠤᠮᠳᠠᠳᠤ ᠤᠯᠤᠰ ᠨᠢᠭᠡᠨᠲᠡ 10 ᠳ᠋ᠦᠩᠰᠢᠭᠤᠷ ᠭᠠᠷᠤᠶ ᠤᠳᠠᠭ᠎ᠠ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠵᠤ ᠂ ᠪᠥᠬᠥ ᠳᠡᠯᠡᠬᠡᠶ᠎ᠶᠢᠨ ᠨᠢᠭᠡᠨᠲᠡ ᠳᠠᠷᠢᠭᠰᠠᠨ ᠸᠠᠺᠼᠢᠨ᠎ᠤ ᠶᠡᠷᠦᠩᠬᠡᠶ ᠬᠡᠮᠵᠢᠶᠡᠨ᠎ᠤ 40% ᠰᠢᠬᠠᠮ᠎ᠢ ᠡᠵᠡᠯᠡᠪᠡ ᠂ ᠡᠨᠡ ᠪᠣᠯ ᠳᠤᠮᠳᠠᠳᠤ ᠤᠯᠤᠰ᠎ᠤᠨ ᠢᠯᠠᠭᠳᠠᠰᠢ ᠥᠬᠡᠶ ᠸᠠᠺᠼᠢᠨ᠎ᠤ ᠲᠠᠷᠢᠯᠭ᠎ᠠ᠎ᠶᠢᠨ ᠠᠵᠢᠯᠯᠠᠭᠠᠳ᠋ᠠᠬᠢ ᠬᠥᠮᠦᠨ᠎ᠢ ᠰᠣᠴᠢᠭᠠᠮ᠎ᠠ ᠬᠥᠰᠢᠶ᠎ᠡ ᠳᠤᠷᠠᠰᠬᠠᠯ ᠮᠥᠨ ᠭᠡᠵᠤ ᠮᠡᠳᠡᠭᠡᠯᠡᠪᠡ ᠃ ᠮᠡᠳᠡᠭᠡᠯᠡᠯ᠎ᠳ᠋ᠤ ᠂ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠬᠤᠷᠳᠤᠴᠠ 5 ᠰᠠᠷ᠎ᠠ᠎ᠡᠴᠠ ᠡᠬᠢᠯᠡᠨ ᠶᠡᠬᠡ᠎ᠪᠠᠷ ᠲᠦᠷᠭᠡᠳᠴᠠᠢ ᠭᠡᠵᠤ ᠬᠡᠯᠡᠪᠡ ᠃
ᠠᠮᠧᠷᠢᠺᠠ᠎ᠶᠢᠨ ︽ ᠨᠢᠦ᠋ ᠶᠣᠷᠺ᠎ᠤᠨ ᠴᠠᠭ ᠰᠣᠨᠢᠨ ︾ ᠂ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠠᠬᠢᠭᠤᠯᠬᠤ᠎ᠶᠢᠨ ᠲᠥᠯᠥᠭᠡ ᠂ ᠳᠤᠮᠳᠠᠳᠤ ᠤᠯᠤᠰ ᠠᠮᠵᠢᠯᠲᠠ᠎ᠲᠠᠢ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠲᠠᠢ ᠠᠳᠠᠯᠢᠪᠳᠤᠷ ᠠᠷᠭ᠎ᠠ ᠪᠤᠳᠤᠯᠭ᠎ᠠ ᠠᠪᠴᠤ ᠂ ᠳᠡᠭᠡᠳᠦ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ᠎ᠤᠨ ᠪᠠᠭᠠᠵᠢ ᠪᠣᠯᠤᠨ ᠦᠨᠳᠦᠰᠦᠨ ᠱᠠᠲᠤᠨ᠎ᠤ ᠲᠠᠢᠴᠢᠯᠠᠯᠳᠠ᠎ᠶᠢ ᠬᠠᠷᠢᠯᠴᠠᠨ ᠤᠶᠠᠯᠳᠤᠭᠤᠯᠤᠭᠰᠠᠨ᠎ᠤ ᠬᠠᠮᠲᠤ ᠤᠯᠠᠨ ᠵᠦᠢᠯ᠎ᠤᠨ ᠵᠣᠷᠢᠭᠵᠢᠭᠤᠯᠬᠤ ᠠᠷᠭ᠎ᠠ ᠬᠡᠮᠵᠢᠶ᠎ᠡ ᠠᠪᠴᠠᠢ ᠭᠡᠵᠤ ᠮᠡᠳᠡᠭᠡᠯᠡᠵᠠᠢ ᠃
ᠹᠷᠠᠨᠼᠢ᠎ᠶᠢᠨ ᠰᠣᠨᠢᠨ ᠮᠡᠳᠡᠭᠡᠨ᠎ᠤ ᠬᠣᠷᠢᠶ᠎ᠠ 20᠎ᠤ ᠡᠳᠦᠷ ᠂ ᠳᠤᠮᠳᠠᠳᠤ ᠤᠯᠤᠰ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢ 10 ᠳ᠋ᠦᠩᠰᠢᠭᠤᠷ ᠤᠳᠠᠭ᠎ᠠ ᠲᠠᠷᠢᠵᠤ ᠪᠠᠶᠢᠨ᠎ᠠ ᠃ ᠸᠠᠺᠼᠢᠨ᠎ᠤ ᠲᠠᠷᠢᠯᠭ᠎ᠠ᠎ᠶᠢ ᠠᠬᠢᠭᠤᠯᠬᠤ᠎ᠶᠢᠨ ᠲᠥᠯᠥᠭᠡ ᠂ ᠵᠠᠷᠢᠮ ᠮᠤᠵᠢ ᠣᠷᠣᠨ ᠣᠯᠠᠨ ᠵᠦᠢᠯ᠎ᠤᠨ ᠵᠤᠷᠢᠬᠵᠢᠭᠤᠯᠬᠤ ᠲᠥᠰᠦᠯ ᠭᠠᠷᠭᠠᠵᠤ ᠂ ᠠᠷᠠᠳ ᠣᠯᠠᠨ᠎ᠤ ᠸᠠᠺᠼᠢᠨ᠎ᠤ ᠲᠠᠷᠢᠯᠭ᠎ᠠ ᠲᠠᠷᠢᠬᠤ᠎ᠶᠢ ᠵᠣᠷᠢᠭᠵᠢᠭᠤᠯᠵᠤ ᠪᠠᠶᠢᠨ᠎ᠠ ᠭᠡᠵᠤ ᠬᠡᠯᠡᠪᠡ ᠃
ᠣᠷᠣᠰ᠎ᠤᠨ ᠮᠣᠰᠺᠸᠠ᠎ᠶᠢᠨ ᠴᠤᠤᠷᠢ ᠢ᠎ᠠ ᠷᠠᠳᠢᠣ᠋ ᠬᠣᠷᠢᠶᠠᠨ᠎ᠤ ᠰᠦᠯᠵᠢᠶ᠎ᠡ ᠳᠤᠮᠳᠠᠳᠤ ᠤᠯᠤᠰ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢ ᠳᠡᠯᠭᠡᠷᠡᠭᠦᠯᠵᠦ ᠪᠠᠶᠢᠬᠤ᠎ᠶᠢ ᠮᠡᠳᠡᠭᠡᠯᠡᠬᠦᠳ᠋ᠡᠭᠡᠨ ᠂ ᠠᠯᠢ ᠴᠤ ᠤᠯᠤᠰ ᠭᠡᠳ ᠳᠤᠮᠳᠠᠳᠤ ᠤᠯᠤᠰ᠎ᠤᠨ᠎ᠬᠢ ᠰᠢᠬ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠠᠵᠤ ᠦᠢᠯᠡᠳᠪᠦᠷᠢᠵᠢᠯᠲᠡ᠎ᠶᠢᠨ ᠦᠶᠯᠡᠳᠪᠦᠷᠢᠯᠡᠯ᠎ᠤᠨ ᠬᠡᠪᠴᠢᠶ᠎ᠡ᠎ᠳ᠋ᠤ ᠣᠶᠢᠷᠠᠳᠵᠤ ᠴᠢᠳᠠᠬᠤ ᠥᠬᠡᠶ ᠶᠤᠮ ᠂ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠬᠤᠷᠳᠤᠴᠠ ᠦᠳᠲᠡᠷ ᠲᠦᠷᠭᠡᠨ ᠳᠡᠭᠡᠭᠰᠢᠯᠡᠵᠦ ᠂ ᠳᠤᠮᠳᠠᠳᠤ ᠤᠯᠤᠰ᠎ᠤᠨ ᠰᠤᠳᠤᠯᠤᠨ ᠦᠶᠯᠡᠳᠦᠭᠰᠡᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠨᠢ ᠮᠠᠰᠢ ᠰᠠᠶᠢᠨ ᠡᠭᠡᠯᠢᠯᠡᠭᠡ᠎ᠶᠢᠨ ᠬᠠᠮᠠᠭᠠᠯᠠᠯᠲᠠ᠎ᠶᠢᠨ ᠦᠷ᠎ᠡ ᠪᠦᠲᠦᠮᠵᠢ᠎ᠲᠠᠢ ᠶᠤᠮ ᠭᠡᠵᠦ ᠢᠯᠡᠳᠬᠡᠪᠡ ᠃
2020 ᠣᠨ᠎ᠤ 12 ᠰᠠᠷ᠎ᠠ᠎ᠶᠢᠨ 15᠎ᠤ ᠡᠳᠦᠷ ᠂ ᠳᠤᠮᠳᠠᠳᠤ ᠤᠯᠤᠰ ᠭᠤᠤᠯᠳᠠᠯᠭ᠎ᠠ᠎ᠲᠠᠢ ᠬᠥᠮᠦᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠲᠠᠷᠢᠬᠤ ᠠᠵᠢᠯ᠎ᠢ ᠵᠢᠩᠬᠢᠨᠢ᠎ᠪᠠᠷ ᠡᠬᠢᠯᠡᠭᠦᠯᠪᠡ ᠃ ᠡᠨᠡ ᠵᠢᠯ᠎ᠤᠨ 3 ᠰᠠᠷ᠎ᠠ᠎ᠶᠢᠨ ᠰᠡᠭᠦᠯᠴᠢ᠎ᠡᠴᠠ ᠡᠬᠢᠯᠡᠨ ᠂ ᠳᠤᠮᠳᠠᠳᠤ ᠤᠯᠤᠰ ᠪᠦᠬᠦ ᠠᠷᠠᠳ᠎ᠲᠤ ᠰᠦᠶᠳᠬᠡᠯ ᠬᠤᠷᠢᠶᠠᠬᠤ ᠥᠬᠡᠶ᠎ᠪᠠᠷ ᠲᠠᠷᠢᠯᠭ᠎ᠠ ᠲᠠᠷᠢᠬᠤ ᠠᠵᠢᠯ᠎ᠢ ᠲᠦᠷᠭᠡᠳᠬᠡᠨ ᠠᠬᠢᠭᠤᠯᠪᠠ ᠃ 1 ᠳ᠋ᠦᠩᠰᠢᠭᠤᠷ ᠤᠳᠠᠭ᠎ᠠ᠎ᠡᠴᠠ 2 ᠳ᠋ᠦᠩᠰᠢᠭᠤᠷ ᠤᠳᠠᠭ᠎ᠠ ᠪᠣᠯᠲᠠᠯ᠎ᠠ 25 ᠡᠳᠦᠷ ᠬᠡᠷᠡᠭᠯᠡᠪᠡ ︔ 2 ᠳ᠋ᠦᠩᠰᠢᠭᠤᠷ ᠤᠳᠠᠭ᠎ᠠ᠎ᠡᠴᠠ 3 ᠳ᠋ᠦᠩᠰᠢᠭᠤᠷ ᠤᠳᠠᠭ᠎ᠠ ᠪᠣᠯᠲᠠᠯ᠎ᠠ 16 ᠡᠳᠦᠷ ᠬᠡᠷᠡᠭᠯᠡᠪᠡ ᠁ 5 ᠰᠠᠷ᠎ᠠ᠎ᠡᠴᠠ ᠨᠠᠭᠠᠰᠢ ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠲᠦᠷᠭᠡᠰᠬᠦ ᠱᠠᠲᠤᠨ᠎ᠳ᠋ᠤ ᠣᠷᠣᠵᠤ ᠂ 9 ᠳ᠋ᠦᠩᠰᠢᠭᠤᠷ ᠤᠳᠠᠭ᠎ᠠ᠎ᠡᠴᠠ 10 ᠳ᠋ᠦᠩᠰᠢᠭᠤᠷ ᠤᠳᠠᠭ᠎ᠠ ᠪᠣᠯᠲᠠᠯ᠎ᠠ ᠵᠥᠪᠬᠡᠨ 5 ᠡᠳᠦᠷ ᠬᠡᠷᠡᠭᠯᠡᠵᠦ ᠂ ᠡᠳᠦᠷ ᠳᠤᠮᠳᠠᠴᠢ᠎ᠶᠢᠨ ᠲᠠᠷᠢᠯᠭ᠎ᠠ᠎ᠶᠢᠨ ᠬᠡᠮᠵᠢᠶ᠎ᠡ 2000 ᠲᠦᠮᠡᠨ ᠤᠳᠠᠭ᠎ᠠ᠎ᠶᠢ ᠳᠠᠪᠠᠬᠰᠡᠨ ᠪᠠᠢᠨ᠎ᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃