2021-07-20 10:49:06
ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠠᠯᠪᠠᠨ᠎ᠤ ᠵᠢᠷᠭᠢᠶ᠎ᠡ᠎ᠳ᠋ᠤ ᠨᠡᠢᠲᠡᠯᠡᠭᠰᠡᠨ ᠮᠡᠳᠡᠭᠡ᠎ᠶᠢ ᠦᠨᠳᠦᠰᠦᠯᠡᠪᠡᠯ ᠂ ᠤᠢᠷ᠎ᠠ ᠳ᠋ᠤ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ᠎ᠶᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠨᠤᠲᠠᠯᠠᠯᠲᠠ᠎ᠪᠠᠷ ᠳᠡᠮᠵᠢᠨ ᠂ ᠤᠯᠤᠰ᠎ᠤᠨ ᠡᠮ ᠡᠮᠨᠡᠯᠭᠡ᠎ᠶᠢᠨ ᠪᠦᠯᠦᠭᠯᠡᠯ᠎ᠤᠨ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠪᠡᠭᠡᠵᠢᠩ᠎ᠤᠨ ᠠᠮᠢᠳᠤ ᠪᠣᠳᠠᠰ᠎ᠤᠨ ᠪᠦᠲᠦᠭᠡᠭᠳᠡᠬᠦᠨ᠎ᠤ ᠰᠤᠳᠤᠯᠭᠠᠨ᠎ᠤ ᠭᠠᠵᠠᠷ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ 3 17 ᠨᠠᠰᠤᠨ᠎ᠤ ᠬᠥᠮᠦᠰ᠎ᠤᠨ ᠳᠤᠮᠳᠠ ᠪᠠᠴᠢᠮ ᠬᠡᠷᠡᠭᠯᠡᠬᠦ᠎ᠶᠢ ᠵᠥᠪᠰᠢᠶᠡᠷᠡᠵᠡᠢ ᠃ ᠢᠩᠬᠢᠭᠡᠳ ᠤᠯᠤᠰ᠎ᠤᠨ ᠳᠤᠲᠤᠭᠠᠳᠤ᠎ᠳ᠋ᠤ ᠰᠢᠨ᠎ᠡ ᠲᠢᠲᠢᠮᠯᠢᠭ ᠸᠢᠷᠦ᠋ᠰ᠎ᠤᠨ ᠢᠳᠡᠪᠬᠢ ᠥᠬᠡᠶᠢᠳᠡᠭᠦᠯᠬᠦ ᠸᠠᠺᠼᠢᠨ᠎ᠢ ᠲᠤᠰ ᠨᠠᠰᠤᠨ᠎ᠤ ᠬᠦᠮᠦᠰ᠎ᠲᠤ ᠵᠢᠩᠬᠢᠨᠢ᠎ᠪᠠᠷ ᠪᠠᠴᠢᠮ ᠬᠡᠷᠡᠭᠯᠡᠬᠦ᠎ᠶᠢ ᠵᠥᠪᠰᠢᠶᠡᠷᠡᠪᠠ ᠃
ᠤᠯᠤᠰ᠎ᠤᠨ ᠡᠮ ᠡᠮᠨᠡᠯᠭᠡ᠎ᠶᠢᠨ ᠪᠦᠯᠦᠭᠯᠡᠯ᠎ᠤᠨ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ 3 17 ᠨᠠᠰᠤᠨ᠎ᠤ ᠳᠤᠭᠤᠶᠢᠯᠠᠩ᠎ᠤᠨ᠎ᠬᠢᠨ ᠨᠢᠭᠡᠨᠲᠡ ᠾᠧᠨᠠᠨ᠎ᠳ᠋ᠤ I/II ᠬᠤᠭᠤᠴᠠᠭᠠᠨ᠎ᠤ ᠡᠮᠴᠢᠯᠡᠭᠡᠨ᠎ᠤ ᠲᠤᠷᠰᠢᠯᠲᠠ᠎ᠶᠢ ᠪᠡᠶᠡᠯᠡᠭᠦᠯᠪᠡ ᠃ ᠤᠯᠤᠰ᠎ᠤᠨ ᠡᠮ ᠡᠮᠨᠡᠯᠭᠡ᠎ᠶᠢᠨ ᠪᠦᠯᠦᠭᠯᠡᠯ᠎ᠤᠨ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠲᠡᠷᠢᠭᠦᠨ᠎ᠤ ᠰᠢᠨᠵᠢᠯᠡᠬᠦ ᠤᠬᠠᠭᠠᠨᠲᠠᠨ ᠂ ᠳᠡᠳ᠋ ᠳᠠᠭᠠᠭᠠᠮᠠᠯ ᠵᠠᠩ ᠶᠦᠨ ᠲᠤᠤ ᠠᠵᠢᠭᠯᠠᠭᠰᠠᠨ ᠲᠣᠭ᠎ᠠ ᠪᠠᠷᠢᠮᠲᠠ᠎ᠡᠴᠠ ᠦᠵᠡᠪᠡᠯ ᠸᠠᠺᠼᠢᠨ᠎ᠤ ᠠᠮᠤᠷ ᠲᠦᠪᠰᠢᠨ᠎ᠤ ᠴᠢᠨᠠᠷᠲᠠᠶ ᠲᠣᠭ᠎ᠠ ᠪᠠᠷᠢᠮᠲᠠ᠎ᠨᠢ ᠵᠢᠱᠢᠭᠰᠡᠨ ᠱᠠᠭᠠᠷᠳᠠᠯᠭ᠎ᠠ᠎ᠳ᠋ᠤ ᠨᠡᠶᠢᠴᠡᠵᠦ ᠂ ᠨᠡᠯᠢᠶᠡᠳ ᠰᠠᠶᠢᠨ ᠪᠠᠶᠢᠨ᠎ᠠ ᠭᠡᠪᠡ ᠃ ᠨᠠᠰᠤᠨ᠎ᠳ᠋ᠤ ᠬᠦᠷᠦᠭᠰᠡᠳ᠎ᠤᠨ ᠳᠤᠭᠤᠶᠢᠯᠠᠩ᠎ᠲᠠᠢ ᠬᠠᠷᠢᠴᠠᠭᠤᠯᠪᠠᠯ ᠠᠮᠤᠷ ᠲᠦᠪᠰᠢᠨ᠎ᠤ ᠲᠦᠭᠰᠢᠭᠦᠷᠢ᠎ᠶᠢ ᠨᠡᠮᠡᠭᠳᠡᠭᠦᠯᠦᠭᠰᠡᠨ ᠦᠭᠡᠢ ᠂ ᠦᠯᠦ ᠬᠠᠯᠳᠠᠭᠠᠬᠤ ᠠᠩᠬᠠᠨ᠎ᠤ ᠴᠢᠨᠠᠷᠡᠴᠠᠨᠢ ᠠᠪᠴᠤ ᠦᠵᠡᠪᠡᠯ ᠂ ᠨᠠᠰᠤᠨ᠎ᠳ᠋ᠤ ᠬᠦᠷᠦᠭᠰᠡᠳ᠎ᠤᠨ ᠳᠤᠭᠤᠶᠢᠯᠠᠩ ᠪᠠ ᠨᠠᠰᠤᠲᠠᠶᠢᠴᠤᠳ᠎ᠤᠨ ᠳᠤᠭᠤᠶᠢᠯᠠᠩ᠎ᠲᠠᠢ ᠬᠠᠷᠢᠴᠠᠭᠤᠯᠤᠭᠰᠠᠨ ᠴᠤ ᠮᠥᠨ ᠬᠠᠮᠢᠶ᠎ᠠ ᠪᠦᠬᠦᠢ ᠱᠠᠭᠠᠷᠳᠠᠯᠭ᠎ᠠ᠎ᠳ᠋ᠤ ᠨᠡᠶᠢᠴᠡᠨ᠎ᠡ ᠃ ᠡᠶᠢᠮᠦ᠎ᠡᠴᠠ I/II ᠬᠤᠭᠤᠴᠠᠭᠠᠨ᠎ᠤ ᠡᠮᠴᠢᠯᠡᠭᠡᠨ᠎ᠤ ᠰᠤᠳᠤᠯᠭᠠᠨ᠎ᠤ ᠶᠠᠪᠤᠴᠠ᠎ᠳ᠋ᠤ ᠪᠦᠷᠢᠯᠳᠦᠭᠰᠡᠨ ᠲᠣᠭ᠎ᠠ ᠪᠠᠷᠢᠮᠲᠠ᠎ᠨᠢ ᠸᠠᠺᠼᠢᠨ᠎ᠢ 3 17 ᠨᠠᠰᠤᠨ᠎ᠤ ᠬᠣᠭᠣᠷᠣᠨᠳᠣᠬᠢ ᠬᠦᠮᠦᠰ᠎ᠲᠤ ᠬᠡᠷᠡᠭᠯᠡᠵᠦ ᠪᠣᠯᠬᠤ᠎ᠶᠢ ᠨᠤᠲᠠᠯᠠᠪᠡ ᠃
3 17 ᠨᠠᠰᠤᠨ᠎ᠤ ᠬᠥᠮᠦᠰ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠳᠠᠷᠢᠬᠤ᠎ᠳ᠋ᠤ ᠶᠠᠭᠤ᠎ᠶᠢ ᠠᠩᠬᠠᠷᠬᠤ ᠴᠢᠬᠤᠯᠠᠲᠠᠶ ᠪᠣᠶ ︖
ᠵᠠᠩ ᠶᠦᠨ ᠲᠤᠤ ᠄ ᠶᠡᠷᠦᠩᠬᠡᠶᠳ᠋ᠤᠨᠢ ᠠᠪᠴᠤ ᠬᠡᠯᠡᠪᠡᠯ ᠂ 3 17 ᠨᠠᠰᠤᠨ᠎ᠤ ᠬᠣᠭᠣᠷᠣᠨᠳᠣᠬᠢ ᠬᠦᠮᠦᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠲᠠᠷᠢᠬᠤ ᠱᠠᠭᠠᠷᠳᠠᠯᠭ᠎ᠠ᠎ᠨᠢ 18 ᠨᠠᠰᠤᠨ᠎ᠡᠴᠠ ᠳᠡᠭᠡᠭᠰᠢᠬᠢ ᠬᠦᠮᠦᠰ᠎ᠤᠨ ᠸᠠᠺᠼᠢᠨ᠎ᠤ ᠲᠠᠷᠢᠯᠭ᠎ᠠ ᠲᠠᠷᠢᠬᠤ ᠱᠠᠭᠠᠷᠳᠠᠯᠭ᠎ᠠ᠎ᠲᠠᠢ ᠪᠦᠷᠢᠮᠦᠰᠦᠨ ᠠᠳᠠᠯᠢ ᠶᠤᠮ ᠃ ᠵᠢᠱᠢᠶᠡᠯᠡᠪᠡᠯ ᠂ ᠪᠣᠯᠭᠣᠮᠵᠢᠲᠠᠶ ᠬᠡᠷᠡᠭᠯᠡᠬᠦ 16 ᠵᠦᠢᠯ᠎ᠤᠨ ᠠᠩᠬᠠᠷᠤᠮᠵᠢ ᠭᠡᠬᠦ ᠮᠡᠲᠦ ᠃ ᠡᠳᠡᠭᠡᠷ ᠬᠥᠮᠦᠰ᠎ᠲᠤ ᠬᠡᠪ᠎ᠤᠨ ᠪᠠᠶᠢᠳᠠᠯ᠎ᠳ᠋ᠤ ᠲᠣᠳᠣᠷᠬᠠᠶᠢᠯᠠᠯᠲᠠᠶᠢᠨ ᠱᠠᠭᠠᠷᠳᠠᠯᠭ᠎ᠠ ᠶᠣᠰᠣᠭᠠᠷ ᠸᠠᠺᠼᠢᠨ᠎ᠢ ᠬᠡᠷᠡᠭᠯᠡᠪᠡᠯ ᠪᠣᠯᠴᠢᠬᠠᠨ᠎ᠠ ᠃ ︽ ᠱᠠᠭᠠᠷᠳᠠᠯᠭ᠎ᠠ᠎ᠳ᠋ᠤ ᠨᠡᠶᠢᠴᠡᠳᠡᠭ ᠯᠡ ᠶᠤᠮ ᠪᠣᠯ ᠪᠦᠷ ᠲᠠᠷᠢᠯᠭ᠎ᠠ ᠲᠠᠷᠢᠵᠤ ᠪᠣᠯᠤᠨ᠎ᠠ ᠂ ᠶᠠᠮᠠᠷ ᠴᠤ ᠣᠨᠴᠠᠭᠠᠶ ᠱᠠᠭᠠᠷᠳᠠᠯᠭ᠎ᠠ ᠥᠬᠡᠶ ︾ ᠃
ᠡᠨᠡ ᠤᠳᠠᠭ᠎ᠠ ᠤᠯᠤᠰ᠎ᠤᠨ ᠡᠮᠨᠡᠯᠭᠡ᠎ᠶᠢᠨ ᠪᠦᠯᠦᠭᠯᠡᠯ᠎ᠤᠨ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠪᠡᠭᠡᠵᠢᠩ᠎ᠤᠨ ᠠᠮᠢᠳᠤ ᠪᠣᠳᠠᠰ᠎ᠤᠨ ᠪᠦᠲᠦᠭᠡᠭᠳᠡᠬᠦᠨ᠎ᠤ ᠰᠤᠳᠤᠯᠭᠠᠨ᠎ᠤ ᠭᠠᠵᠠᠷ᠎ᠤᠨ ᠰᠢᠨ᠎ᠡ ᠲᠢᠲᠢᠮᠯᠢᠭ ᠸᠢᠷᠦ᠋ᠰ᠎ᠤᠨ ᠢᠳᠡᠪᠬᠢ ᠥᠬᠡᠶᠢᠳᠡᠭᠦᠯᠬᠦ ᠸᠠᠺᠼᠢᠨ᠎ᠢ ᠵᠥᠪᠬᠡᠨ 3 17 ᠨᠠᠰᠤᠨ᠎ᠤ ᠬᠥᠮᠦᠰ᠎ᠤᠨ ᠳᠤᠮᠳᠠ ᠪᠠᠴᠢᠮ ᠬᠡᠷᠡᠭᠯᠡᠬᠦ᠎ᠪᠠᠷ ᠵᠥᠪᠰᠢᠶᠡᠷᠡᠵᠡᠶ ᠂ ᠵᠢᠱᠢᠯᠲᠡ᠎ᠪᠠᠷ ᠨᠢᠭᠡ ᠵᠢᠯ᠎ᠤᠨ ᠳᠠᠷᠠᠭ᠎ᠠ ᠲᠣᠰ ᠸᠠᠺᠼᠢᠨ᠎ᠢ ᠵᠢᠩᠬᠢᠨᠢ᠎ᠪᠠᠷ ᠵᠠᠬ᠎ᠠ ᠳᠡᠯᠭᠡᠭᠦᠷ᠎ᠲᠤ ᠭᠠᠷᠭᠠᠬᠤ ᠪᠣᠯᠤᠮᠵᠢ᠎ᠲᠠᠢ ᠃

- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃