2021-07-22 10:08:47
ᠬᠥᠬᠡᠬᠣᠲᠠ 7 ᠰᠠᠷ᠎ᠠ᠎ᠶᠢᠨ 20᠎ᠤ ᠡᠳᠦᠷ᠎ᠡᠴᠠ ᠡᠬᠢᠯᠡᠨ 15 17 ᠨᠠᠰᠤᠨ᠎ᠤ ᠬᠥᠮᠦᠰ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠵᠦ ᠡᠬᠢᠯᠡᠪᠡ
ᠬᠥᠬᠡᠬᠣᠲᠠ᠎ᠶᠢᠨ᠎ᠬᠢᠨ︽2021 ᠣᠨ᠎ᠤ ᠳᠤᠤᠷ᠎ᠠ ᠬᠠᠭᠠᠰ ᠵᠢᠯ᠎ᠤᠨ ᠬᠥᠬᠡᠬᠣᠲᠠ᠎ᠶᠢᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠬᠡᠷᠡᠭᠵᠢᠭᠦᠯᠬᠦ ᠲᠥᠰᠦᠯ︾᠎ᠢ ᠲᠣᠭᠲᠠᠭᠠᠵᠤ ᠂ ᠴᠠᠭ᠎ᠤᠨ ᠬᠦᠰᠦᠨᠦᠭᠲᠦ ᠪᠠ ᠡᠭᠦᠷᠭᠡ ᠬᠠᠷᠠᠯᠲᠠ᠎ᠪᠠᠨ ᠲᠣᠳᠣᠷᠬᠠᠶᠢᠯᠠᠪᠠ ᠂ ᠪᠣᠳᠠᠲᠠᠶ᠎ᠪᠠᠷ ᠬᠡᠯᠡᠪᠡᠯ ᠄
•8 ᠰᠠᠷ᠎ᠠ᠎ᠶᠢᠨ 15᠎ᠤ ᠡᠳᠦᠷ᠎ᠡᠴᠠ ᠡᠮᠦᠨ᠎ᠡ 18 ᠨᠠᠰᠤᠨ᠎ᠡᠴᠠ ᠳᠡᠭᠡᠭᠰᠢᠬᠢ ᠬᠥᠮᠦᠰ᠎ᠲᠤ ᠨᠢᠭᠡᠳᠦᠭᠡᠷ ᠵᠡᠭᠦᠦ ︵ ᠤᠳᠠᠭ᠎ᠠ︶᠎ᠶᠢᠨ ᠲᠠᠷᠢᠯᠭ᠎ᠠ ᠬᠢᠬᠦ᠎ᠶᠢ ᠪᠡᠶᠡᠯᠡᠭᠦᠯᠵᠦ ᠂ 9 ᠰᠠᠷ᠎ᠠ᠎ᠶᠢᠨ 15᠎ᠤ ᠡᠳᠦᠷ᠎ᠡᠴᠠ ᠡᠮᠦᠨ᠎ᠡ ᠬᠣᠶᠠᠳᠤᠭᠠᠷ ᠵᠡᠭᠦᠦ ︵ ᠤᠳᠠᠭ᠎ᠠ︶᠎ᠶᠢᠨ ᠲᠠᠷᠢᠯᠭ᠎ᠠ ᠬᠢᠬᠦ᠎ᠶᠢ ᠪᠡᠶᠡᠯᠡᠭᠦᠯᠦᠨ᠎ᠡ ︔
•18 ᠨᠠᠰᠤᠨ᠎ᠡᠴᠠ ᠳᠣᠷᠣᠭᠰᠢᠬᠢ ᠬᠥᠮᠦᠰ᠎ᠲᠤ ᠲᠠᠷᠢᠯᠭ᠎ᠠ ᠬᠢᠬᠦ᠎ᠶᠢ ᠨᠠᠰᠤ ᠵᠢᠯ ᠬᠤᠪᠢᠶᠠᠨ ᠠᠮᠤᠷ ᠲᠦᠪᠰᠢᠨ ᠪᠥᠭᠡᠳ ᠯᠠᠪᠳᠠᠭᠤᠨ᠎ᠢᠶᠠᠷ ᠠᠬᠢᠭᠤᠯᠵᠤ᠂ 7 ᠰᠠᠷ᠎ᠠ᠎ᠶᠢᠨ ᠰᠡᠭᠦᠯᠴᠢ᠎ᠡᠴᠠ ᠡᠮᠦᠨ᠎ᠡ 15 17 ᠨᠠᠰᠤᠨ᠎ᠤ ᠬᠥᠮᠦᠰ᠎ᠲᠤ ᠨᠢᠭᠡᠳᠦᠭᠡᠷ ᠵᠡᠭᠦᠦ ︵ ᠤᠳᠠᠭ᠎ᠠ ︶᠎ᠶᠢᠨ ᠲᠠᠷᠢᠯᠭ᠎ᠠ ᠬᠢᠬᠦ ᠠᠵᠢᠯ᠎ᠢ ᠪᠡᠶᠡᠯᠡᠭᠦᠯᠦᠨ᠎ᠡ ︔
•8 ᠰᠠᠷ᠎ᠠ᠎ᠶᠢᠨ 1᠎ᠤ ᠡᠳᠦᠷ᠎ᠡᠴᠠ 15᠎ᠤ ᠡᠳᠦᠷ ᠪᠣᠯᠲᠠᠯ᠎ᠠ 12 14 ᠨᠠᠰᠤᠨ᠎ᠤ ᠬᠥᠮᠦᠰ᠎ᠲᠤ ᠨᠢᠭᠡᠳᠦᠭᠡᠷ ᠵᠡᠭᠦᠦ ︵ ᠤᠳᠠᠭ᠎ᠠ ︶᠎ᠶᠢᠨ ᠲᠠᠷᠢᠯᠭ᠎ᠠ ᠬᠢᠨ᠎ᠠ ︔
•9 ᠰᠠᠷ᠎ᠠ᠎ᠶᠢᠨ 15᠎ᠤ ᠡᠳᠦᠷ᠎ᠡᠴᠠ ᠡᠮᠦᠨ᠎ᠡ 12 ᠨᠠᠰᠤᠨ᠎ᠡᠴᠠ ᠳᠡᠭᠡᠭᠰᠢᠬᠢ ᠬᠥᠮᠦᠰ᠎ᠲᠤ ᠬᠤᠶᠠᠳᠤᠭᠠᠷ ᠵᠡᠭᠦᠦ ︵ ᠤᠳᠠᠭ᠎ᠠ ︶᠎ᠶᠢᠨ ᠲᠠᠷᠢᠯᠭ᠎ᠠ ᠬᠢᠬᠦ᠎ᠶᠢ ᠪᠡᠶᠡᠯᠡᠭᠦᠯᠦᠨ᠎ᠡ ︔
•9 ᠰᠠᠷ᠎ᠠ᠎ᠶᠢᠨ ᠰᠡᠭᠦᠯᠴᠢ᠎ᠡᠴᠠ ᠡᠮᠦᠨ᠎ᠡ ᠣᠷᠬᠢᠭᠳᠠᠭᠤᠯᠤᠬᠰᠠᠨ ᠪᠠᠢᠪᠠᠯ ᠨᠥᠬᠥᠵᠦ ᠳᠠᠷᠢᠨ᠎ᠠ ᠃
7 ᠰᠠᠷ᠎ᠠ᠎ᠶᠢᠨ 18᠎ᠤ ᠡᠳᠦᠷ ᠪᠣᠯᠲᠠᠯ᠎ᠠ᠂ ᠬᠥᠬᠡᠬᠣᠲᠠ᠎ᠳ᠋ᠤ ᠨᠢᠭᠡᠨᠲᠡ 185.5 ᠲᠦᠮᠡᠨ ᠬᠥᠮᠦᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠨᠢᠭᠡᠳᠦᠭᠡᠷ ᠵᠡᠭᠦᠦ ︵ ᠤᠳᠠᠭ᠎ᠠ ︶᠎ᠶᠢᠨ ᠲᠠᠷᠢᠯᠭ᠎ᠠ᠎ᠶᠢ ᠳᠠᠷᠢᠪᠠ ᠃ 12 ᠨᠠᠰᠤᠨ᠎ᠡᠴᠠ ᠳᠡᠭᠡᠭᠰᠢᠬᠢ ᠬᠥᠮᠦᠰ᠎ᠤᠨ 66.5 %᠎ᠶᠢ ᠪᠦᠷᠬᠦᠪᠡ ᠃
ᠣᠷᠳᠣᠰ ᠬᠣᠲᠠ᠎ᠶᠢᠨ 15 17 ᠨᠠᠰᠤᠨ᠎ᠤ ᠵᠠᠯᠠᠭᠤᠴᠤᠳ ᠸᠠᠺᠼᠢᠨ᠎ᠤ ᠲᠠᠷᠢᠯᠭ᠎ᠠ ᠲᠠᠷᠢᠵᠤ ᠪᠤᠯᠬᠤ ᠪᠤᠯᠵᠠᠢ ︕
7 ᠰᠠᠷ᠎ᠠ᠎ᠶᠢᠨ 20᠎ᠤ ᠡᠳᠦᠷ᠂ ᠣᠷᠳᠣᠰ ᠬᠣᠲᠠ᠎ᠶᠢᠨ 15 17 ᠪᠦᠬᠦᠯᠢ ᠨᠠᠰᠤᠨ᠎ᠤ ᠵᠠᠯᠠᠭᠤᠴᠤᠳ ᠪᠠᠭᠠᠴᠤᠳ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ ᠨᠢᠭᠡᠨᠲᠡ ᠪᠥᠬᠥ ᠲᠠᠯ᠎ᠠ᠎ᠪᠠᠷ ᠡᠬᠢᠯᠡᠪᠡ᠃ ᠪᠥᠬᠥ ᠬᠣᠲᠠ᠎ᠶᠢᠨ 143 ᠸᠠᠺᠼᠢᠨ᠎ᠤ ᠲᠠᠷᠢᠯᠭ᠎ᠠ᠎ᠶᠢᠨ ᠴᠡᠭ᠎ᠤᠨ ᠸᠠᠺᠼᠢᠨ᠎ᠤ ᠬᠠᠩᠭᠠᠯᠭ᠎ᠠ ᠭᠦᠢᠴᠡᠳ ᠪᠠᠶᠢᠵᠤ᠂ ᠪᠣᠶ ᠪᠥᠬᠥᠶ ᠲᠠᠷᠢᠯᠭ᠎ᠠ᠎ᠶᠢᠨ ᠴᠡᠭ᠎ᠲᠤ ᠴᠥᠮ ᠲᠠᠷᠢᠯᠭ᠎ᠠ ᠲᠠᠷᠢᠭᠤᠯᠵᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃