ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-08-06 09:46:10

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠬᠦᠬᠡᠬᠤᠳᠠ᠎ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ᠎ᠶᠢᠨ ᠵᠦᠪᠯᠡᠯ᠎ᠡᠴᠠ ᠤᠢᠯᠠᠭᠠᠭᠰᠠᠨ᠎ᠢᠶᠠᠷ᠂ ᠤᠢᠷ᠎ᠠ᠎ᠳ᠋ᠤ ᠬᠦᠬᠡᠬᠤᠳᠠ ︽ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠴᠢ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠪᠠᠭᠤᠯᠭᠠᠵᠦ᠂ 12—17 ᠨᠠᠰᠤᠨ᠎ᠤ ᠰᠤᠷᠤᠭᠴᠢᠳ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠦᠷᠭᠦᠯᠵᠢᠯᠡᠨ ᠠᠬᠢᠭᠤᠯᠵᠤ ᠪᠠᠢᠨ᠎ᠠ᠃

︽ ᠮᠡᠳᠡᠭᠳᠡᠯ︾᠎ᠳ᠋ᠤ᠂ ᠨᠢᠭᠡ᠎ᠳ᠋ᠤ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭᠠᠭᠤᠯᠢ᠎ᠨᠤᠭᠤᠳ ᠤᠯᠤᠰ ᠲᠥᠷᠥ᠎ᠶᠢᠨ ᠦᠨᠳᠦᠷᠴᠡ᠎ᠡᠴᠠ ᠡᠭᠦᠰᠴᠦ᠂ ᠸᠠᠺᠼᠢᠨ᠎ᠤ ᠲᠠᠷᠢᠯᠭ᠎ᠠ᠎ᠶᠢᠨ ᠴᠢᠬᠤᠯᠠ ᠴᠢᠨᠠᠷ ᠪᠣᠯᠤᠨ ᠡᠭᠦᠷᠭᠡ᠎ᠶᠢᠨ ᠬᠠᠲᠠᠭᠤ ᠪᠡᠷᠬᠡ ᠴᠢᠨᠠᠷ᠎ᠢ ᠲᠠᠨᠢᠵᠤ᠂ ᠵᠤᠨ᠎ᠤ ᠠᠮᠠᠷᠠᠯᠲᠠ᠎ᠶᠢᠨ ᠬᠤᠭᠤᠴᠠᠭᠠᠨ᠎ᠳ᠋ᠤ ᠪᠠᠭᠰᠢ ᠰᠤᠷᠤᠭᠴᠢᠳ᠎ᠤᠨ ᠴᠢᠯᠦᠭᠡ ᠲᠠᠯᠪᠢᠬᠰᠠᠨ ᠵᠡᠷᠭᠡ ᠬᠦᠴᠢᠷᠳᠡᠯ᠎ᠢ ᠢᠯᠠᠨ ᠳᠠᠪᠠᠵᠤ᠂ ᠡᠭᠦᠷᠭᠡ᠎ᠪᠠᠨ ᠲᠣᠭᠲᠠᠭᠰᠠᠨ ᠬᠤᠭᠤᠴᠠᠭᠠᠨ᠎ᠳᠠᠭᠠᠨ ᠪᠡᠶᠡᠯᠡᠭᠦᠯᠬᠦ᠎ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ᠎ᠲᠤ ᠤᠬᠠᠭᠤᠯᠭ᠎ᠠ ᠬᠥᠮᠦᠵᠢᠯ᠎ᠢ ᠰᠠᠶᠢᠲᠤᠷ ᠬᠢᠬᠦ ᠬᠡᠷᠡᠭᠲᠡᠶ᠃ ᠣᠳᠣᠬᠠᠨ᠎ᠤ ᠣᠯᠠᠨ ᠤᠯᠤᠰ᠂ ᠤᠯᠤᠰ᠎ᠤᠨ ᠳᠣᠲᠣᠭᠠᠳᠤ᠎ᠶᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠳ᠋ᠤ ᠲᠤᠯᠭᠠᠷᠠᠵᠤ ᠪᠠᠶᠢᠭ᠎ᠠ ᠪᠠᠶᠢᠳᠠᠯ᠎ᠲᠠᠢ ᠤᠶᠠᠯᠳᠤᠭᠤᠯᠤᠨ᠂ ᠤᠬᠠᠭᠤᠯᠭ᠎ᠠ ᠬᠥᠮᠦᠵᠢᠯ᠎ᠢ ᠥᠷᠭᠡᠨ ᠲᠡᠯᠭᠡᠷ ᠥᠷᠨᠢᠭᠦᠯᠵᠦ᠂ ᠰᠣᠷᠣᠭᠴᠢ ᠵᠢᠴᠢ ᠬᠡᠷ᠎ᠤᠨ ᠠᠬᠠᠮᠠᠳ᠎ᠲᠠᠢ ᠰᠠᠢᠳᠤᠷ ᠤᠢᠯᠠᠭᠠᠯᠴᠠᠵᠤ᠂ ᠲᠠᠷᠢᠯᠭ᠎ᠠ ᠬᠢᠬᠦ ᠨᠥᠬᠥᠴᠡᠯ᠎ᠳ᠋ᠤ ᠨᠡᠶᠢᠴᠡᠬᠦ ᠰᠤᠷᠤᠭᠴᠢᠳ᠎ᠤᠨ ᠢᠳᠡᠪᠬᠢᠲᠡᠶ᠎ᠪᠠᠷ ᠲᠠᠷᠢᠯᠭ᠎ᠠ ᠬᠢᠯᠭᠡᠬᠦ᠎ᠶᠢ ᠵᠣᠷᠢᠭᠵᠢᠭᠤᠯᠤᠨ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭᠠᠭᠤᠯᠢ᠎ᠶᠢᠨ ᠲᠠᠷᠢᠯᠭ᠎ᠠ ᠬᠢᠭᠰᠡᠨ ᠥᠭᠡᠢ ᠲᠠᠷᠢᠯᠭ᠎ᠠ ᠬᠢᠯᠭᠡᠬᠥ ᠨᠥᠬᠥᠴᠡᠯ᠎ᠳ᠋ᠤ ᠨᠡᠶᠢᠴᠡᠵᠦ ᠪᠠᠶᠢᠭ᠎ᠠ ᠪᠠᠭᠰᠢ ᠠᠵᠢᠯᠲᠠᠨ ᠪᠤᠯᠤᠨ 15—17 ᠨᠠᠰᠤᠨ᠎ᠤ ᠰᠤᠷᠭᠠᠭᠤᠯᠢ᠎ᠳ᠋ᠤ ᠪᠠᠶᠢᠭ᠎ᠠ ᠰᠤᠷᠤᠭᠴᠢᠳ᠎ᠲᠤ ᠠᠯᠢ ᠲᠦᠷᠭᠡᠨ᠎ᠢᠶᠠᠷ ᠲᠠᠷᠢᠯᠭ᠎ᠠ ᠬᠢᠵᠦ᠂ 8 ᠰᠠᠷ᠎ᠠ᠎ᠶᠢᠨ 15᠎ᠤ ᠡᠳᠦᠷ᠎ᠡᠴᠠ ᠡᠮᠦᠨ᠎ᠡ ᠠᠩᠬᠠᠨ᠎ᠤ ᠲᠠᠷᠢᠯᠭ᠎ᠠ᠎ᠶᠢ ︽ ᠲᠠᠷᠢᠯᠭ᠎ᠠ ᠬᠢᠬᠦ ᠶᠤᠰᠤᠳᠠᠢ ᠬᠦᠮᠦᠨ ᠪᠦᠬᠦᠨ᠎ᠳ᠋ᠤᠨᠢ ᠲᠠᠷᠢᠯᠭ᠎ᠠ ᠬᠢᠬᠦ︾᠎ᠶᠢ ᠦᠨᠡᠨ ᠬᠦ ᠪᠠᠲᠤᠯᠠᠬᠤ ᠭᠡᠷᠡᠭᠳᠡᠢ᠃ ᠭᠤᠷᠪᠠ᠎ᠳ᠋ᠤ ᠵᠣᠬᠢᠶᠠᠨ ᠪᠠᠶᠢᠭᠤᠯᠤᠨ ᠬᠡᠷᠡᠭᠵᠢᠭᠦᠯᠬᠦ᠎ᠶᠢ ᠴᠢᠡᠭᠭᠠᠳᠬᠠᠬᠤ ᠭᠡᠷᠡᠭᠳᠡᠢ᠃ 8 ᠰᠠᠷ᠎ᠠ᠎ᠶᠢᠨ 1᠎ᠤ ᠡᠳᠦᠷ᠎ᠡᠴᠠ ᠡᠬᠢᠯᠡᠨ 12  14 ᠨᠠᠰᠤᠨ᠎ᠤ ᠰᠣᠷᠣᠭᠴᠢᠳ᠎ᠲᠤ ᠸᠠᠺᠼᠢᠨ᠎ᠤ ᠲᠠᠷᠢᠯᠭ᠎ᠠ ᠬᠢᠵᠠᠢ᠃ ᠡᠯ᠎ᠡ ᠬᠣᠰᠢᠭᠤ ᠰᠢᠶᠠᠨ ᠲᠣᠭᠣᠷᠢᠭ᠎ᠤᠨ ᠰᠤᠷᠭᠠᠨ ᠬᠥᠮᠦᠵᠢᠯ᠎ᠤᠨ ᠲᠣᠪᠴᠢᠶ᠎ᠠ᠂ ᠡᠯ᠎ᠡ ᠰᠤᠷᠭᠠᠭᠤᠯᠢ᠎ᠨᠤᠭᠤᠳ ᠰᠣᠷᠣᠭᠴᠢ᠎ᠶᠢᠨ ᠲᠣᠭ᠎ᠠ ᠪᠠ ᠪᠡᠶ᠎ᠡ ᠮᠠᠬᠠᠪᠣᠳ᠎ᠤᠨ ᠪᠠᠶᠢᠳᠠᠯ᠎ᠤᠨ ᠰᠠᠭᠤᠷᠢ ᠲᠣᠭ᠎ᠠ ᠲᠣᠳᠣᠷᠬᠠᠶ᠂ ᠪᠠᠶᠢᠳᠠᠯ ᠲᠣᠳᠣᠷᠬᠠᠶ ᠪᠠᠶᠢᠬᠤ᠎ᠶᠢ ᠪᠠᠳᠤᠯᠠᠵᠤ᠂ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶᠢᠨ ᠵᠠᠷᠴᠢᠮ ᠶᠣᠰᠣᠭᠠᠷ ᠰᠠᠶᠢᠲᠤᠷ ᠵᠣᠯᠭᠠᠭᠤᠯᠵᠤ᠂ ᠪᠣᠳᠠᠲᠠᠶ ᠪᠠᠶᠢᠳᠠᠯ᠎ᠢᠶᠡᠨ ᠦᠨᠳᠦᠰᠦᠯᠡᠨ᠂ ᠴᠠᠭ᠎ᠤᠨ ᠬᠦᠰᠦᠨᠦᠭᠲᠦ᠎ᠶᠢ ᠵᠦᠶ ᠵᠣᠬᠢᠰᠲᠠᠶ ᠵᠣᠬᠢᠶᠠᠨ ᠪᠠᠶᠢᠭᠤᠯᠤᠨ ᠲᠣᠭᠲᠠᠭᠠᠵᠤ᠂ 12  14 ᠨᠠᠰᠤᠨ᠎ᠤ ᠰᠣᠷᠣᠭᠴᠢᠳ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠢ ᠤᠷᠤᠭᠰᠢᠲᠠᠶ ᠪᠡᠶᠡᠯᠡᠭᠦᠯᠬᠦ᠎ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面