ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-08-10 09:17:46

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

60 ᠨᠠᠰᠤᠨ᠎ᠡᠴᠠ ᠳᠡᠭᠡᠭᠰᠢᠬᠢ ᠬᠥᠮᠦᠰ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠤᠶ ᠲᠦᠷᠭᠡᠨ ᠳᠠᠷᠢᠬᠤ ᠬᠡᠷᠡᠭᠳᠠᠢ  ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠡᠭ

︽60 ᠨᠠᠰᠤᠨ᠎ᠡᠴᠠ ᠳᠡᠭᠡᠭᠰᠢᠬᠢ ᠬᠥᠮᠦᠰ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠤᠶ ᠲᠦᠷᠭᠡᠨ ᠳᠠᠷᠢᠬᠤ ᠬᠡᠷᠡᠭᠲᠡᠶ᠃ ︾ 8 ᠰᠠᠷ᠎ᠠ᠎ᠶᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠰᠠᠯᠠᠭᠠᠨ᠎ᠤ ᠳᠠᠷᠤᠭ᠎ᠠ᠂ ᠡᠭᠡᠯᠢᠯᠡᠭᠡ᠎ᠶᠢᠨ ᠡᠪᠡᠳᠴᠢᠨ᠎ᠤ ᠵᠦᠶ᠎ᠶᠢᠨ ᠳ᠋ᠣᠺᠲ᠋ᠣᠷ ᠲᠢᠶᠠᠨ ᠰᠢᠶᠤᠤ ᠯᠢᠩ ᠲᠥᠪ ᠬᠢᠴᠢᠶᠡᠩᠬᠦᠢ᠎ᠪᠠᠷ ᠢᠯᠡᠳᠬᠡᠪᠡ᠃

︽60 ᠨᠠᠰᠤᠨ᠎ᠡᠴᠠ ᠳᠡᠭᠡᠭᠰᠢᠬᠢ ᠬᠥᠮᠦᠰ᠎ᠤᠨ ᠣᠯᠠᠩᠬᠢ᠎ᠨᠢ ᠡᠭᠡᠯᠢᠯᠡᠭᠡ᠎ᠶᠢᠨ ᠴᠢᠳᠠᠮᠵᠢ᠎ᠪᠠᠷ ᠨᠡᠯᠢᠶᠡᠳ ᠪᠠᠭᠤᠷᠠᠶ᠂ ᠵᠠᠷᠢᠮ ᠰᠠᠭᠤᠷᠢ ᠴᠢᠨᠠᠷᠲᠠᠶ ᠡᠪᠡᠳᠴᠢᠨ᠎ᠲᠠᠢ ᠪᠠᠶᠢᠳᠠᠭ᠋᠂ ᠬᠠᠯᠳᠠᠪᠤᠷᠢᠯᠠᠪᠠᠯ ᠬᠦᠨᠳᠦ ᠡᠪᠡᠳᠴᠢᠲᠡᠨ ᠪᠣᠯᠬᠤ ᠲᠣᠬᠢᠶᠠᠯᠳᠤᠮᠵᠢ᠎ᠨᠢ ᠡᠷᠡᠭᠦᠯ ᠬᠥᠮᠦᠰ ᠪᠤᠶᠤ ᠪᠤᠰᠤᠳ ᠬᠥᠮᠦᠰ᠎ᠡᠴᠠ ᠬᠣᠯᠠ ᠥᠨᠳᠥᠷ ᠪᠠᠶᠢᠳᠠᠭ᠋᠂ ᠡᠶᠢᠮᠦ᠎ᠡᠴᠠ 60 ᠨᠠᠰᠤᠨ᠎ᠡᠴᠠ ᠳᠡᠭᠡᠭᠰᠢᠬᠢ ᠬᠥᠮᠦᠰ᠂ ᠢᠯᠠᠩᠭᠤᠶ᠎ᠠ ᠡᠭᠡᠯᠢᠯᠡᠭᠡ᠎ᠶᠢᠨ ᠴᠢᠳᠠᠮᠵᠢ᠎ᠨᠢ ᠨᠡᠯᠢᠶᠡᠳ ᠪᠠᠭᠤᠷᠠᠶ᠂ ᠵᠠᠷᠢᠮ ᠰᠠᠭᠤᠷᠢ ᠴᠢᠨᠠᠷᠲᠠᠶ ᠡᠪᠡᠳᠴᠢᠨ᠎ᠲᠠᠢ ᠬᠥᠮᠦᠰ᠎ᠲᠤ ᠡᠷᠬᠡᠪᠰᠢ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠤᠶ ᠲᠦᠷᠭᠡᠨ ᠳᠠᠷᠢᠬᠤ ᠬᠡᠷᠡᠭᠲᠡᠶ︾ ᠭᠡᠵᠦ ᠲᠢᠶᠠᠨ ᠰᠢᠶᠤᠤ ᠯᠢᠩ ᠰᠠᠨᠠᠭᠤᠯᠪᠠ᠃

︽ ᠶᠠᠭᠤᠨ᠎ᠳ᠋ᠤ ᠡᠷᠲᠡᠬᠡᠨ ᠲᠠᠷᠢᠯᠭ᠎ᠠ ᠬᠢᠯᠭᠡᠳᠡᠭ ᠪᠤᠢ︖ ︾᠂ ︽ ᠬᠡᠷᠪᠡ ᠬᠠᠯᠳᠠᠪᠤᠷᠢᠯᠠᠭᠳᠠᠪᠠᠯ ᠥᠪᠡᠷ᠎ᠢᠶᠡᠨ ᠪᠠᠰᠠ ᠮᠡᠳᠡᠬᠦ ᠥᠬᠡᠶ ᠪᠠᠶᠢᠵᠤ ᠮᠡᠳᠡᠨ᠎ᠡ᠂ ᠭᠡᠪᠡᠴᠦ ᠡᠷᠲᠡ ᠨᠢᠭᠡ ᠡᠳᠦᠷ ᠲᠠᠷᠢᠯᠭ᠎ᠠ ᠬᠢᠯᠭᠡᠪᠠᠯ ᠪᠡᠶ᠎ᠡ ᠮᠠᠬᠠᠪᠣᠳ᠎ᠨᠢ ᠡᠷᠲᠡ ᠨᠢᠭᠡ ᠡᠳᠦᠷ ᠡᠭᠡᠯᠢᠯᠡᠭᠡ ᠪᠠᠶᠢᠭᠤᠯᠵᠤ᠂ ᠭᠡᠷᠪᠡ ᠬᠠᠯᠳᠠᠪᠤᠷᠢᠯᠠᠭᠳᠠᠪᠠᠯ ᠡᠰ᠎ᠨᠢ ᠳᠠᠷᠤᠢ ᠲᠦᠷᠭᠡᠨ ᠡᠭᠡᠯᠢᠯᠡᠭᠡ᠎ᠶᠢᠨ ᠲᠣᠭᠲᠠᠴᠠ᠎ᠶᠢ ᠬᠡᠷᠡᠭᠵᠢᠭᠦᠯᠵᠦ ᠸᠢᠷᠦ᠋ᠰ᠎ᠢ ᠡᠰᠡᠷᠭᠦᠴᠡᠬᠦ ᠪᠣᠯᠤᠨ᠎ᠠ᠃ ᠬᠡᠷᠪᠡ ᠸᠠᠺᠼᠢᠨ᠎ᠤ ᠲᠠᠷᠢᠯᠭ᠎ᠠ ᠬᠢᠯᠭᠡᠭᠰᠡᠨ ᠦᠭᠡᠢ ᠪᠠᠢᠳᠠᠯ ᠳᠤᠤᠷ᠎ᠠ ᠬᠠᠯᠳᠠᠪᠤᠷᠢᠯᠠᠭᠳᠠᠪᠠᠯ᠂ ᠡᠪᠡᠳᠴᠢᠨ᠎ᠤ ᠢᠯᠡᠷᠡᠯ᠎ᠨᠢ ᠬᠥᠩᠭᠡᠨ ᠪᠠᠶᠢᠭᠰᠠᠨ ᠴᠤ ᠸᠢᠷᠦ᠋ᠰ᠎ᠨᠢ ᠪᠡᠶ᠎ᠡ᠎ᠶᠢᠨ ᠡᠷᠡᠭᠦᠯ ᠮᠡᠨᠳᠦ᠎ᠶᠢᠨ ᠪᠠᠶᠢᠳᠠᠯ᠎ᠳ᠋ᠤ ᠨᠢᠭᠡ ᠬᠡᠮᠵᠢᠶᠡᠨ᠎ᠤ ᠬᠣᠬᠢᠷᠠᠯ ᠤᠴᠠᠷᠠᠭᠤᠯᠳᠠᠭ᠋︾ ᠭᠡᠵᠦ ᠲᠢᠶᠠᠨ ᠰᠢᠶᠤᠤ ᠯᠢᠩ ᠬᠡᠯᠡᠪᠡ᠃

ᠲᠢᠶᠠᠨ ᠰᠢᠶᠤᠤ ᠯᠢᠩ᠂ ᠳ᠋ᠸᠯᠲ᠋ᠠ ᠸᠢᠷᠦ᠋ᠰ᠎ᠤᠨ ᠳᠠᠮᠵᠢᠭᠤᠯᠬᠤ ᠴᠢᠳᠠᠪᠤᠷᠢ ᠢᠯᠡᠳᠲᠡ ᠴᠢᠩᠭᠠᠷᠠᠵᠤ᠂ ᠡᠪᠡᠳᠴᠢᠨ᠎ᠤ ᠬᠦᠨᠳᠦ ᠨᠣᠴᠢᠲᠠᠢ ᠬᠡᠮᠵᠢᠶ᠎ᠠ᠎ᠶᠢ ᠨᠡᠮᠡᠭᠳᠡᠭᠦᠯᠵᠦ ᠮᠡᠳᠡᠨ᠎ᠠ᠂ ᠣᠳᠣᠬᠠᠨ᠎ᠳ᠋ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠨᠢ ᠳ᠋ᠸᠯᠲ᠋ᠠ ᠸᠢᠷᠦ᠋ᠰ᠎ᠢ ᠰᠡᠷᠭᠡᠶᠢᠯᠡᠬᠦ᠎ᠳ᠋ᠤ ᠮᠠᠰᠢ ᠰᠠᠢᠨ ᠦᠢᠯᠡᠳᠦᠯ᠎ᠲᠠᠢ᠂ ᠪᠢᠳᠡᠨ᠎ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠮᠥᠨ ᠬᠦ ᠪᠦᠲᠦᠮᠵᠢᠲᠡᠢ ᠪᠠᠶᠢᠨ᠎ᠠ᠂ ᠡᠶᠢᠮᠦ᠎ᠡᠴᠠ ᠣᠳᠣᠬᠠᠨ᠎ᠤ ᠬᠠᠮᠤᠭ᠎ᠤᠨ ᠰᠠᠢᠨ ᠠᠷᠭ᠎ᠠ ᠪᠣᠯ ᠬᠠᠰᠢ ᠯᠠ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠤᠢ ᠲᠦᠷᠭᠡᠨ ᠲᠠᠷᠢᠬᠤ ᠶᠠᠪᠤᠳᠠᠯ ᠪᠣᠯᠤᠨ᠎ᠠ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面