ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-08-12 10:40:01

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠷᠭᠡᠨ ᠣᠯᠠᠨ ᠬᠣᠲᠠ᠎ᠶᠢᠨ ᠠᠷᠠᠳ᠎ᠲᠤ᠄

ᠣᠳᠣᠬᠠᠨ᠎ᠳ᠋ᠤ ᠪᠦᠬᠦ ᠳᠡᠯᠡᠬᠡᠢ᠎ᠳ᠋ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ‍ᠤᠨ ᠬᠢᠵᠢᠭ᠎ᠤᠨ ᠪᠠᠶᠢᠳᠠᠯ ᠦᠷᠭᠦᠯᠵᠢᠯᠡᠨ ᠦᠷᠪᠢᠰᠦᠨ ᠳᠡᠯᠭᠡᠷᠡᠵᠦ ᠂ ᠪᠦᠬᠦ ᠤᠯᠤᠰ᠎ᠤᠨ ᠤᠯᠠᠨ ᠭᠠᠵᠠᠷ᠎ᠲᠤ ᠲᠤᠬᠠᠢ᠎ᠶᠢᠨ ᠭᠠᠵᠠᠷ᠎ᠤᠨ ᠣᠨᠣᠰᠢᠯᠠᠭᠰᠠᠨ ᠡᠪᠡᠳᠴᠢᠨ᠎ᠤ ᠵᠢᠱᠢᠶ᠎ᠡ ᠢᠯᠡᠷᠡᠵᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠭᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠸᠠᠺᠼᠢᠨ᠎ᠤ ᠲᠠᠷᠢᠯᠭ᠎ᠠ ᠪᠣᠯ ᠪᠦᠬᠦ ᠠᠷᠠᠳ᠎ᠤᠨ ᠦᠯᠦ ᠬᠠᠯᠳᠠᠭᠠᠬᠤ ᠬᠠᠯᠬᠠᠪᠴᠢ᠎ᠶᠢ ᠪᠠᠶᠢᠭᠤᠯᠵᠤ᠂ ᠬᠢᠵᠢᠭ᠎ᠤᠨ ᠦᠷᠪᠢᠰᠤᠨ ᠳᠡᠯᠭᠡᠷᠡᠬᠦ᠎ᠶᠢ ᠬᠣᠷᠢᠭᠯᠠᠬᠤ ᠬᠠᠮᠤᠭ᠎ᠤᠨ ᠬᠢᠮᠳᠠ᠂ ᠬᠠᠮᠤᠭ᠎ᠤᠨ ᠲᠦᠷᠭᠡᠨ ᠪᠥᠭᠡᠳ ᠬᠠᠮᠤᠭ᠎ᠤᠨ ᠪᠦᠳᠦᠮᠵᠢᠳᠡᠢ ᠠᠷᠭ᠎ᠠ ᠬᠡᠮᠵᠢᠶ᠎ᠡ ᠪᠤᠯᠤᠨ᠎ᠡ᠃ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢ ᠲᠦᠷᠭᠡᠳᠬᠡᠨ ᠠᠬᠢᠭᠤᠯᠵᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠶᠢ ᠪᠠᠶᠢᠩᠭᠤᠵᠢᠭᠤᠯᠬᠤ᠎ᠶᠢ ᠦᠨᠡᠨᠬᠦ ᠴᠢᠩᠭᠠᠳᠬᠠᠵᠤ᠂ ᠬᠢᠯᠪᠠᠷ ᠪᠤᠰᠤ᠎ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ᠎ᠢᠶᠡᠨ ᠦᠷᠭᠦᠯᠵᠢᠯᠡᠨ ᠪᠠᠳᠤᠳᠬᠠᠬᠤ᠎ᠶᠢᠨ ᠲᠥᠯᠥᠭᠡ᠂ ᠣᠲᠣ ᠥᠷᠭᠡᠨ ᠣᠯᠠᠨ ᠬᠣᠲᠠ᠎ᠶᠢᠨ ᠠᠷᠠᠳ᠎ᠲᠤ ᠳᠤᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄

ᠨᠢᠭᠡ᠂ ᠭᠦᠭᠡᠬᠤᠳᠡ᠎ᠳ᠋ᠤ ᠠᠵᠢᠯᠯᠠᠵᠤ ᠠᠮᠢᠳᠤᠷᠠᠵᠤ ᠪᠠᠶᠢᠭ᠎ᠠ᠂ ᠪᠦᠬᠦᠯᠢ 12 ᠨᠠᠰᠤ ︵ ᠡᠷᠦᠬᠡ ᠠᠮᠠ᠎ᠶᠢᠨ ᠬᠢᠵᠠᠭᠠᠷ ᠥᠬᠡᠶ︶ ᠭᠦᠷᠦᠭᠰᠡᠨ ᠪᠥᠭᠡᠳ ᠸᠠᠺᠼᠢᠨ᠎ᠤ ᠲᠠᠷᠢᠯᠭ᠎ᠠ᠎ᠶᠢᠨ ᠴᠡᠬᠡᠷ᠎ᠲᠠᠢ ᠡᠪᠡᠳᠴᠢᠨ ᠥᠬᠡᠶ ᠬᠥᠮᠦᠨ ᠪᠦᠬᠦᠨ ᠠᠯᠢ ᠲᠦᠷᠭᠡᠨ᠎ᠢᠶᠠᠷ ᠲᠠᠷᠢᠯᠭ᠎ᠠ ᠬᠢᠨ᠎ᠡ᠃

ᠬᠣᠶᠠᠷ᠂ ᠪᠥᠬᠥ ᠬᠣᠲᠠ᠎ᠶᠢᠨ ᠡᠯ᠎ᠡ ᠱᠠᠲᠤᠨ᠎ᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ᠎ᠤᠨ ᠨᠢᠭᠡᠴᠢ᠎ᠶᠢᠨ ᠨᠠᠮ᠎ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠵᠢᠱᠢᠶ᠎ᠡ ᠦᠵᠡᠭᠦᠯᠬᠦ ᠦᠢᠯᠡᠳᠦᠯ᠎ᠢᠶᠡᠨ ᠪᠠᠳᠠᠷᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠲᠦᠷᠦᠭᠦᠯᠡᠨ ᠳᠠᠷᠢᠵᠤ᠂ ᠸᠠᠺᠼᠢᠨ᠎ᠤ ᠲᠠᠷᠢᠯᠭ᠎ᠠ᠎ᠶᠢᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ᠬᠡᠷ᠎ᠤᠨ ᠬᠥᠮᠦᠰ ᠨᠠᠶᠢᠵᠠ ᠨᠥᠬᠥᠳ᠂ ᠨᠡᠶᠢᠭᠡᠮ ᠲᠣᠭᠣᠷᠢᠭ᠎ᠤᠨ ᠣᠯᠠᠨ ᠲᠦᠮᠡᠨ᠎ᠢ ᠳᠠᠶᠢᠴᠢᠯᠠᠨ ᠰᠠᠨᠠᠭᠠᠴᠢᠯᠠᠭ᠎ᠠ᠎ᠡᠴᠠ᠎ᠪᠠᠨ ᠳᠠᠷᠢᠭᠤᠯᠬᠤ ᠬᠡᠷᠡᠭᠲᠡᠶ᠃ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ᠎ᠤᠨ ᠨᠢᠭᠡᠴᠢ᠂ ᠪᠠᠷᠢᠯᠭ᠎ᠠ᠎ᠶᠢᠨ ᠭᠠᠵᠠᠷ᠂ ᠬᠤᠪᠢ᠎ᠶᠢᠨ ᠡᠵᠡᠩᠨᠡᠯᠳᠡ᠎ᠶᠢᠨ ᠠᠵᠢᠯᠳᠡᠳ ᠲᠠᠷᠢᠯᠭ᠎ᠠ ᠬᠢᠭᠰᠡᠨ ᠲᠤᠬᠠᠢ᠎ᠶᠢᠨ ᠡᠳᠤᠷ᠎ᠢᠶᠡᠨ ᠨᠢᠭᠡ ᠡᠳᠦᠷ ᠠᠮᠠᠷᠠᠵᠤ ᠪᠣᠯᠤᠨ᠎ᠠ᠃

ᠭᠤᠷᠪᠠ᠂ ᠲᠠᠷᠢᠯᠭ᠎ᠠ᠎ᠶᠢᠨ ᠬᠠᠮᠢᠶ᠎ᠠ ᠪᠦᠬᠦᠢ ᠲᠦᠷᠢᠮ ᠲᠤᠭᠳᠠᠭᠠᠯ᠎ᠢ ᠴᠢᠩᠭ᠎ᠠ ᠵᠢᠷᠤᠮᠯᠠᠵᠤ᠂ ᠨᠢᠭᠡᠳᠦᠭᠡᠷ ᠵᠡᠭᠦᠦ᠎ᠪᠠᠨ ᠲᠠᠷᠢᠬᠰᠡᠨ᠎ᠤ ᠳᠠᠷᠠᠭ᠎ᠠ ᠴᠠᠭ ᠬᠤᠭᠤᠴᠠᠭᠠᠨ᠎ᠤ ᠱᠠᠭᠠᠷᠳᠠᠯᠭ᠎ᠠ ᠶᠣᠰᠣᠭᠠᠷ ᠪᠦᠬᠦ ᠶᠠᠪᠤᠴᠠ᠎ᠶᠢᠨ ᠲᠠᠷᠢᠯᠭ᠎ᠠ᠎ᠶᠢ ᠪᠡᠶᠡᠯᠡᠭᠦᠯᠤᠨ᠎ᠡ᠃ ᠴᠤᠤᠷᠬᠠᠯ᠎ᠢ ᠢᠲᠡᠭᠡᠬᠦ ᠥᠬᠡᠶ᠂ ᠴᠤᠤᠷᠬᠠᠯ ᠲᠡᠮᠵᠢᠭᠤᠯᠬᠤ ᠥᠬᠡᠶ ᠪᠠᠶᠢᠵᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠂ ᠬᠢᠵᠢᠭ᠎ᠢ ᠰᠡᠷᠭᠡᠢᠯᠡᠨ ᠬᠤᠷᠢᠭᠯᠠᠬᠤ ᠠᠵᠢᠯ᠎ᠢ ᠰᠠᠢᠳᠤᠷ ᠬᠢᠨ᠎ᠡ᠃

ᠳᠥᠷᠪᠡ᠂ ᠣᠶᠢᠷ᠎ᠠ᠎ᠳ᠋ᠤ ᠦᠷᠪᠢᠰᠤᠨ ᠳᠡᠯᠭᠡᠷᠡᠵᠦ ᠪᠠᠶᠢᠭ᠎ᠠ ᠳ᠋ᠸᠯᠲ᠋ᠠ ᠸᠢᠷᠦ᠋ᠰ᠎ᠤᠨ ᠠᠴᠢᠶᠠᠯᠠᠬᠤ ᠬᠡᠮᠵᠢᠶ᠎ᠡ᠎ᠨᠢ ᠥᠨᠳᠥᠷ᠂ ᠬᠠᠯᠳᠠᠪᠤᠷᠢᠯᠠᠬᠤ ᠬᠤᠷᠳᠤᠴᠠ᠎ᠨᠢ ᠲᠦᠷᠭᠡᠨ᠂ ᠬᠠᠯᠳᠠᠪᠤᠷᠢᠯᠠᠬᠤ ᠨᠣᠷᠮ᠎ᠠ᠎ᠨᠢ ᠥᠨᠳᠥᠷ ᠪᠤᠯᠬᠤᠷ ᠬᠦᠢᠲᠡᠨ ᠬᠡᠯᠬᠢᠶ᠎ᠡ᠂ ᠪᠠᠷᠠᠭᠠᠨ᠎ᠤ ᠭᠦᠢᠯᠭᠡᠭᠡ᠂ ᠲᠦᠷᠭᠡᠨ ᠬᠦᠷᠭᠡᠯᠲᠡ᠂ ᠬᠡᠦᠬᠡᠳ᠎ᠤᠨ ᠴᠡᠴᠡᠷᠯᠢᠭ᠂ ᠣᠯᠠᠨ ᠨᠡᠶᠢᠲᠡ᠎ᠶᠢᠨ ᠵᠠᠮ ᠬᠠᠷᠢᠯᠴᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠳᠠᠯᠳᠤᠭ᠎ᠠ ᠬᠡᠲᠦ ᠳᠡᠯᠭᠡᠭᠦᠷ᠂ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠂ ᠤᠰᠤ ᠴᠠᠬᠢᠯᠭᠠᠨ ᠰᠢᠳᠠᠮᠠᠬᠠᠢ ᠭᠡᠢ᠂ ᠵᠣᠴᠢᠳ᠎ᠤᠨ ᠪᠠᠭᠤᠳᠠᠯ᠂ ᠰᠦᠯᠵᠢᠶᠡᠨ ᠪᠠᠭᠠᠷ᠂ KTV᠂ ᠺᠢᠨᠣ᠋᠎ᠶᠢᠨ ᠤᠷᠳᠤᠨ ᠵᠡᠷᠭᠡ ᠠᠵᠢᠯ ᠲᠥᠷᠥᠯ᠎ᠤᠨ ᠠᠵᠢᠯᠳᠡᠳ ᠲᠠᠷᠢᠯᠭ᠎ᠠ ᠬᠢᠯᠭᠡᠭᠰᠡᠨ᠎ᠤ ᠲᠠᠷᠠᠭ᠎ᠠ ᠠᠵᠢᠯ᠎ᠤᠨ ᠪᠠᠢᠷᠢ᠎ᠳ᠋ᠤ ᠭᠠᠷᠬᠤ ᠭᠡᠷᠡᠭᠳᠡᠢ᠃

ᠲᠠᠪᠤ᠋᠂ ᠰᠢᠨ᠎ᠡ ᠲᠢᠲᠢᠮᠯᠢᠭ ᠸᠢᠷᠦ᠋ᠰ ᠢᠯᠠᠩᠭᠤᠶ᠎ᠠ ᠳ᠋ᠸᠯᠲ᠋ᠠ ᠸᠢᠷᠦ᠋ᠰ᠎ᠤᠨ ᠲᠠᠮᠵᠢᠭᠤᠯᠭ᠎ᠠ᠎ᠶᠢ ᠬᠤᠷᠢᠭᠯᠠᠵᠤ ᠰᠡᠷᠭᠡᠢᠯᠡᠭᠦ᠎ᠶᠢᠨ ᠲᠦᠯᠦᠭᠡ᠂ ᠸᠠᠺᠼᠢᠨ ᠳᠠᠷᠢᠭᠤᠯᠤᠭᠰᠠᠨ ᠥᠬᠡᠶ ᠬᠥᠮᠦᠰ ᠭᠠᠵᠠᠷ ᠳᠤᠤᠷᠠᠬᠢ ᠲᠡᠮᠦᠷ ᠵᠠᠮ᠂ ᠣᠯᠠᠨ ᠨᠡᠶᠢᠲᠡ᠎ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ ᠲᠡᠷᠭᠡ ᠵᠡᠷᠭᠡ᠎ᠳ᠋ᠤ ᠰᠠᠭᠤᠬᠤ ᠦᠭᠡᠢ᠂ ᠴᠢᠬᠤᠯᠠ ᠱᠠᠭᠠᠷᠳᠠᠯᠭ᠎ᠠ ᠦᠭᠡᠢ ᠪᠤᠯ ᠦᠵᠡᠮᠵᠢ᠎ᠶᠢᠨ ᠣᠷᠣᠨ᠂ ᠨᠠᠰᠤᠲᠠᠨ᠎ᠢ ᠠᠰᠠᠷᠠᠬᠤ ᠬᠦᠷᠢᠶᠡᠯᠡᠩ᠂ ᠬᠡᠦᠬᠡᠳ ‍ᠤᠨ ᠴᠡᠴᠡᠷᠯᠢᠭ᠂ ᠰᠤᠷᠭᠠᠭᠤᠯᠢ ︵ ᠬᠡᠦᠬᠡᠳ᠎ᠤᠨ ᠴᠡᠴᠡᠷᠯᠢᠭ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠶᠢᠭᠤᠯᠤᠮᠵᠢ ᠪᠠᠭᠲᠠᠨ᠎ᠠ︶᠂ ᠰᠣᠶᠣᠯ ᠵᠤᠭ᠎ᠠ ᠴᠡᠩᠭᠡᠯ᠎ᠤᠨ ᠲᠠᠯᠠᠪᠤᠷ ︵ ᠰᠣᠶᠣᠯ᠎ᠤᠨ ᠣᠷᠳᠣᠨ᠂ ᠮᠦᠽᠧᠶ᠂ ᠨᠣᠮ᠎ᠤᠨ ᠰᠠᠩ᠂ ᠤᠷᠠᠯᠢᠭ᠎ᠤᠨ ᠣᠷᠳᠣᠨ᠂ ᠺᠢᠨᠣ᠋᠎ᠶᠢᠨ ᠣᠷᠳᠣᠨ᠂ ᠠᠷᠢᠬᠢᠨ ᠮᠤᠬᠤᠯᠠᠭ᠋᠂ ᠰᠦᠯᠵᠢᠶᠡᠨ᠎ᠤ ᠪᠠᠭᠠᠷ ᠪᠠᠭᠲᠠᠨ᠎ᠠ︶᠎ᠢᠶᠠᠷ ᠣᠷᠣᠵᠤ ᠭᠠᠷᠬᠤ ᠥᠬᠡᠶ ᠪᠠᠶᠢᠬᠤ᠎ᠶᠢ ᠰᠠᠨᠠᠭᠠᠴᠢᠯᠠᠪᠠ᠃

ᠵᠢᠷᠭᠤᠭ᠎ᠠ᠂ ᠸᠠᠺᠼᠢᠨ᠎ᠤ ᠲᠠᠷᠢᠯᠭ᠎ᠠ ᠬᠢᠭᠰᠡᠨ᠎ᠤ ᠳᠠᠷᠠᠭ᠎ᠠ ᠴᠤ ᠥᠷᠭᠡᠨ ᠣᠯᠠᠨ ᠬᠣᠲᠠ᠎ᠶᠢᠨ ᠠᠷᠠᠳ ︽ ᠠᠮᠠᠪᠴᠢ ᠵᠡᠭᠦᠵᠤ᠂ ᠭᠠᠷ᠎ᠢᠶᠡᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠤ᠂ ᠴᠤᠭᠯᠠᠷᠠᠬᠤ ᠦᠭᠡᠢ︾ ᠱᠠᠭᠠᠷᠳᠠᠯᠭ᠎ᠠ ᠶᠤᠰᠤᠭᠠᠷ᠂ ᠬᠤᠪᠢ ᠬᠥᠮᠦᠨ᠎ᠤ ᠰᠡᠷᠭᠡᠶᠢᠯᠡᠯᠲᠡ ᠬᠠᠮᠠᠭᠠᠯᠠᠯᠲᠠ᠎ᠪᠠᠨ ᠰᠠᠶᠢᠲᠤᠷ ᠬᠢᠵᠦ᠂ ᠠᠮᠤᠷ ᠲᠦᠪᠰᠢᠨ ᠨᠡᠶᠢᠭᠡᠮ᠎ᠤᠨ ᠬᠠᠷᠢᠯᠴᠠᠭᠠᠨ᠎ᠤ ᠵᠠᠶ᠎ᠶᠢ ᠪᠠᠲᠤᠯᠠᠵᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠥᠶ ᠲᠣᠭᠲᠠᠭᠠᠯ᠎ᠢ ᠵᠢᠷᠤᠮᠯᠠᠵᠤ᠂ ᠬᠤᠪᠢ ᠬᠦᠮᠤᠨ ᠪᠣᠯᠤᠨ ᠬᠡᠷ᠎ᠤᠨ ᠬᠥᠮᠦᠰ᠎ᠤᠨ᠎ᠢᠶᠡᠨ ᠡᠷᠡᠭᠦᠯ ᠮᠡᠨᠳᠦ ᠠᠮᠤᠷ ᠲᠦᠪᠰᠢᠨ᠎ᠢ ᠪᠦᠲᠦᠮᠵᠢᠲᠡᠶ ᠬᠠᠮᠠᠭᠠᠯᠠᠪᠡᠯ ᠵᠤᠬᠢᠨ᠎ᠡ᠃


ᠬᠥᠬᠡᠬᠣᠲᠠ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ

ᠬᠢᠵᠢᠭ ‍ᠢ ᠰᠡᠷᠭᠡᠢᠯᠡᠨ ᠡᠵᠡᠮᠳᠡᠭᠦ ᠠᠵᠢᠯ᠎ᠤᠨ ᠵᠢᠯᠣᠭᠣᠳᠬᠤ ᠲᠦᠪ

2021 ᠤᠨ᠎ᠤ 8 ᠰᠠᠷ᠎ᠡ᠎ᠶᠢᠨ 10᠎ᠤ ᠡᠳᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面