ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-08-16 10:35:17

ᠵᠣᠬᠢᠶᠠᠭ᠍ᠴᠢ᠄ ​ ᠸᠠᠩ ᠺᠦᠨ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠬᠢᠵᠢᠭ᠎ᠢ ᠰᠡᠷᠭᠡᠶᠢᠯᠡᠨ ᠡᠵᠡᠮᠳᠡᠬᠦ ᠲᠥᠪ᠎ᠡᠴᠠ ᠣᠶᠢᠯᠠᠭᠠᠭᠰᠠᠨ᠎ᠢᠶᠠᠷ ᠂ 8 ᠰᠠᠷ᠎ᠠ᠎ᠶᠢᠨ 12᠎ᠤᠨ ᠡᠳᠦᠷ᠎ᠤᠨ 24 ᠴᠠᠭ ᠪᠣᠯᠲᠠᠯ᠎ᠠ ᠂ ᠮᠠᠨ᠎ᠤ ᠣᠷᠣᠨ 12  17 ᠨᠠᠰᠤᠨ᠎ᠤ ᠬᠥᠮᠦᠰ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠨᠢᠬᠡᠳᠦᠬᠡᠷ ᠲᠠᠷᠢᠯᠭ᠎ᠠ᠎ᠶᠢ ᠤᠷᠢᠳᠴᠢᠯᠠᠨ ᠲᠠᠷᠢᠵᠦ ᠲᠠᠭᠤᠰᠬᠠᠵᠦ ᠂ ᠲᠠᠷᠢᠯᠭ᠎ᠠ ᠲᠠᠷᠢᠭᠤᠯᠤᠬᠰᠠᠨ ᠬᠥᠮᠦᠨ᠎ᠤ ᠲᠣᠭ᠎ᠠ 120 ᠲᠦᠮᠡ᠎ᠶᠢ ᠳᠠᠪᠠᠵᠤ ᠂ ᠲᠠᠷᠢᠯᠭ᠎ᠠ ᠲᠠᠷᠢᠭᠤᠯᠤᠬᠰᠠᠨ ᠨᠤᠷᠮ᠎ᠠ 100%᠎ᠳ᠋ᠤ ᠬᠦᠷᠴᠡᠢ ᠃

ᠣᠶᠢᠯᠠᠭᠠᠭᠰᠠᠨ᠎ᠢᠶᠠᠷ ᠂ ᠮᠠᠨ᠎ᠤ ᠣᠷᠣᠨ 12  17 ᠨᠠᠰᠤᠨ᠎ᠤ ᠬᠥᠮᠦᠰ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠲᠠᠷᠢᠬᠤ ᠠᠵᠢᠯ᠎ᠢ ᠬᠣᠶᠠᠷ ᠪᠦᠯᠦᠭ ᠬᠤᠪᠢᠶᠠᠨ ᠶᠠᠪᠤᠭᠳᠠᠭᠤᠯᠵᠤ ᠂ 15  17 ᠨᠠᠰᠤᠨ᠎ᠤ ᠬᠥᠮᠦᠰ᠎ᠲᠤ ᠸᠠᠺᠼᠢᠨ᠎ᠤ ᠨᠢᠬᠡᠳᠦᠬᠡᠷ ᠲᠠᠷᠢᠯᠭ᠎ᠠ ᠲᠠᠷᠢᠬᠤ ᠠᠵᠢᠯ᠎ᠢ 7 ᠰᠠᠷ᠎ᠠ᠎ᠶᠢᠨ ᠰᠡᠭᠦᠯᠴᠢ ᠪᠤᠯᠳᠠᠯ᠎ᠠ ᠨᠢᠭᠡᠨᠲᠡ ᠲᠠᠭᠤᠰᠬᠠᠵᠦ ᠂ 12  14 ᠨᠠᠰᠤᠨ᠎ᠤ ᠬᠥᠮᠦᠰ᠎ᠲᠤ ᠸᠠᠺᠼᠢᠨ᠎ᠤ ᠨᠢᠬᠡᠳᠦᠬᠡᠷ ᠲᠠᠷᠢᠯᠭ᠎ᠠ ᠲᠠᠷᠢᠬᠤ ᠠᠵᠢᠯ᠎ᠢ 8 ᠰᠠᠷ᠎ᠠ᠎ᠶᠢᠨ 15᠎ᠤ ᠡᠳᠦᠷ᠎ᠡᠴᠠ ᠡᠮᠦᠨ᠎ᠡ ᠨᠢᠭᠡᠨᠲᠡ ᠤᠷᠢᠳᠴᠢᠯᠠᠨ ᠲᠠᠭᠤᠰᠬᠠᠵᠦ ᠂ ᠲᠠᠷᠢᠯᠭ᠎ᠠ ᠲᠠᠷᠢᠬᠤ ᠶᠣᠰᠣᠲᠠᠶ᠎ᠳ᠋ᠤᠨᠢ ᠪᠦᠷ ᠲᠠᠷᠢᠯᠭ᠎ᠠ ᠲᠠᠷᠢᠬᠰᠠᠨ ᠪᠠᠢᠨ᠎ᠠ ᠃ 15  17 ᠨᠠᠰᠤᠨ᠎ᠤ ᠬᠥᠮᠦᠰ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠤᠶᠠᠳᠤᠭᠠᠷ ᠲᠠᠷᠢᠯᠭ᠎ᠠ ᠲᠠᠷᠢᠬᠤ ᠠᠵᠢᠯ᠎ᠢ 8 ᠰᠠᠷ᠎ᠠ᠎ᠶᠢᠨ ᠬᠣᠷᠢᠳ᠎ᠡᠴᠠ ᠡᠬᠢᠯᠡᠨ ᠥᠷᠨᠢᠭᠦᠯᠵᠦ ᠂ 8 ᠰᠠᠷ᠎ᠠ᠎ᠶᠢᠨ ᠰᠡᠭᠦᠯᠴᠢ ᠪᠤᠯᠳᠠᠯ᠎ᠠ ᠪᠥᠬᠥ ᠲᠠᠷᠢᠯᠭ᠎ᠠ᠎ᠶᠢ ᠲᠠᠷᠢᠵᠦ ᠲᠠᠭᠤᠰᠬᠠᠨ ᠂ ᠵᠢᠱᠢᠯᠳᠡ᠎ᠪᠠᠷ 9 ᠰᠠᠷ᠎ᠠ᠎ᠳ᠋ᠤ 12  14 ᠨᠠᠰᠤᠨ᠎ᠤ ᠬᠥᠮᠦᠰ᠎ᠲᠤ ᠪᠦᠬᠦ ᠲᠠᠷᠢᠯᠭ᠎ᠠ᠎ᠶᠢ ᠲᠠᠷᠢᠵᠦ ᠲᠠᠭᠤᠰᠬᠠᠬᠤ᠎ᠪᠠᠷ ᠪᠠᠢᠨ᠎ᠠ ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄
兼容浏览器的HTML页面