ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-08-14 12:27:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢᠨᠬᠤᠸᠠ ᠬᠣᠷᠢᠶᠠᠨ᠎ᠤ ᠣᠣᠮᠧᠨ᠎ᠤ 8 ᠰᠠᠷ᠎ᠠ᠎ᠶᠢᠨ 12᠎ᠤᠨ ᠴᠠᠬᠢᠯᠭᠠᠠ ᠮᠡᠳᠡᠭᠡ ︵ ᠰᠤᠷᠪᠤᠯᠵᠢᠯᠠᠭᠴᠢ ᠯᠢᠦ ᠭᠠᠩ ᠯᠢ ᠬᠠᠨ ᠹᠠᠩ ︶ ᠳᠤᠮᠳᠠᠳᠤ ᠤᠯᠤᠰ᠎ᠤᠨ ᠡᠮ ᠡᠮᠨᠡᠯᠭᠡ᠎ᠶᠢᠨ ᠪᠦᠯᠦᠭᠯᠡᠯ᠎ᠤᠨ ᠪᠡᠭᠡᠵᠢᠩ᠎ᠤᠨ ᠠᠮᠢᠳᠤ ᠪᠣᠳᠠᠰ᠎ᠤᠨ ᠪᠦᠲᠦᠭᠡᠭᠳᠡᠬᠦᠨ᠎ᠤ ᠰᠤᠳᠤᠯᠭᠠᠨ᠎ᠤ ᠭᠠᠵᠠᠷ᠎ᠤᠨ ᠦᠢᠯᠡᠳᠪᠦᠷᠢᠯᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠢᠳᠡᠪᠬᠢ ᠥᠬᠡᠶᠢᠳᠡᠭᠦᠯᠬᠦ ᠸᠠᠺᠼᠢᠨ᠎ᠢ 12᠎ᠤᠨ ᠡᠳᠦᠷ᠎ᠤᠨ ᠦᠳᠡ᠎ᠶᠢᠨ ᠡᠮᠦᠨ᠎ᠡ ᠣᠣᠮᠧᠨ᠎ᠳ᠋ᠤ ᠤᠷᠤᠭᠰᠢᠲᠠᠶ ᠬᠦᠷᠭᠡᠵᠦ ᠂ ᠲᠣᠰ ᠡᠳᠦᠷ᠎ᠲᠡᠭᠡᠨ ᠡᠯ᠎ᠡ ᠲᠠᠷᠢᠯᠭ᠎ᠠ ᠬᠢᠬᠦ ᠭᠠᠵᠠᠷ᠎ᠲᠤ ᠬᠤᠪᠢᠶᠠᠷᠢᠯᠠᠨ ᠠᠪᠠᠴᠢᠵᠤ ᠠᠰᠢᠠᠠᠯᠠᠯᠲᠠ᠎ᠳ᠋ᠤ ᠣᠷᠣᠭᠤᠯᠵᠠᠢ ᠃

ᠡᠳᠡᠭᠡᠷ ᠸᠠᠺᠼᠢᠨ᠎ᠢ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠡᠴᠠ ᠨᠠᠨ ᠭᠤᠸᠠᠩ ᠪᠦᠯᠦᠭᠯᠡᠯ᠎ᠤᠨ ᠬᠠᠷᠢᠶᠠᠨ᠎ᠳ᠋ᠠᠬᠢ ᠨᠠᠨ ᠭᠤᠸᠠᠩ ᠪᠠᠷᠠᠭᠠᠨ᠎ᠤ ᠭᠦᠢᠯᠭᠡᠭᠡ᠎ᠶᠢᠨ ᠵᠣᠬᠢᠶᠠᠨ ᠪᠠᠶᠢᠭᠤᠯᠤᠯᠲᠠ᠎ᠳ᠋ᠤ ᠨᠠᠶᠢᠳᠠᠵᠤ ᠬᠤᠳᠠᠯᠳᠤᠨ ᠠᠪᠤᠭᠤᠯᠬᠤ᠎ᠶᠢᠨ ᠬᠠᠮᠲᠤ ᠵᠥᠭᠡᠭᠡᠪᠦᠷᠢᠯᠡᠬᠦᠯᠵᠠᠢ ᠃ ᠣᠨᠴᠠᠭᠠᠢ ᠵᠠᠰᠠᠭ ᠵᠠᠬᠢᠷᠭᠠᠠ᠎ᠤ ᠤᠷᠤᠠ᠎ᠤ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠲᠣᠪᠴᠢᠶᠠᠨ᠎ᠤ ᠳᠠᠷᠤᠭ᠎ᠠ ᠯᠦᠸᠧ ᠢ ᠯᠦᠩ ᠂ ᠨᠠᠨ ᠭᠤᠸᠠᠩ ᠪᠠᠷᠠᠭᠠᠨ᠎ᠤ ᠭᠦᠢᠯᠭᠡᠭᠡᠨ᠎ᠤ ᠶᠡᠷᠦᠩᠬᠡᠢ ᠳᠠᠭᠠᠭᠠᠮᠠᠯ ᠵᠠᠩ ᠴᠢᠩ ᠪᠣᠯᠤᠨ ᠤᠤᠮᠸᠨ᠎ᠳ᠋ᠤ ᠰᠠᠭᠤᠭ᠎ᠠ ᠲᠦᠪ᠎ᠤᠨ ᠠᠷᠠᠳ᠎ᠤᠨ ᠵᠠᠰᠠᠭ᠎ᠤᠨ ᠤᠷᠳᠤᠨ᠎ᠤ ᠬᠤᠯᠪᠤᠭ᠎ᠠ ᠠᠪᠬᠤ ᠠᠯᠪᠡᠨ ᠭᠡᠷ ᠂ ᠳᠤᠮᠳᠠᠳᠤ ᠤᠯᠤᠰ᠎ᠤᠨ ᠤᠯᠠᠨ ᠤᠯᠤᠰ᠎ᠤᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠢᠵᠠᠭᠠᠷᠲᠤ ᠺᠣᠮᠫᠠᠨᠢ᠎ᠶᠢᠨ ᠲᠥᠯᠥᠭᠡᠯᠡᠭᠴᠢᠳ ᠲᠤᠰ ᠡᠳᠦᠷ᠎ᠤᠨ ᠲᠤᠰᠢᠶᠠᠬᠤ ᠪᠠ ᠬᠦᠯᠢᠶᠡᠨ ᠠᠪᠬᠤ ᠶᠣᠰᠣᠯᠠᠯ᠎ᠳ᠋ᠤ ᠣᠷᠣᠯᠴᠠᠪᠠ ᠃

ᠯᠦᠸᠧ ᠢ ᠯᠦᠩ ᠂ ᠣᠣᠮᠧᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ᠎ᠶᠢᠨ ᠦᠶ᠎ᠠ᠎ᠳ᠋ᠤ ᠂ ᠭᠤᠷᠪᠠᠳᠤᠭᠠᠷ ᠪᠦᠯᠦᠭ ᠤᠯᠤᠰ᠎ᠤᠨ ᠡᠮ᠎ᠤᠨ ᠸᠠᠺᠼᠢᠨ᠎ᠢ ᠴᠠᠭ ᠲᠤᠬᠠᠢ᠎ᠳ᠋ᠤᠨᠢ ᠤᠤᠮᠸᠠ᠎ᠳ᠋ᠤ ᠬᠦᠷᠭᠡᠡ ᠦᠭᠭᠦᠭᠰᠡᠡ᠎ᠨᠢ ᠣᠣᠮᠧᠨ᠎ᠤ ᠬᠢᠵᠢᠭ᠎ᠢ ᠰᠡᠷᠭᠡᠶᠢᠯᠡᠬᠦ ᠠᠵᠢᠯ᠎ᠳ᠋ᠤ ᠦᠭᠬᠢᠶᠡᠮᠦᠷ ᠬᠤᠷ᠎ᠠ ᠪᠤᠯᠵᠦ ᠂ ᠣᠣᠮᠧᠨ᠎ᠤ ᠠᠷᠠᠳ ᠤᠯᠠᠨ᠎ᠤ ᠸᠠᠺᠼᠢᠨ᠎ᠤ ᠲᠠᠷᠢᠯᠭ᠎ᠠ ᠬᠢᠬᠦ ᠬᠡᠷᠡᠭᠴᠡᠭᠡ᠎ᠶᠢ ᠬᠠᠩᠭᠠᠬᠤ᠎ᠳ᠋ᠤ ᠬᠦᠴᠦᠲᠡᠢ ᠪᠠᠲᠤᠯᠠᠭ᠎ᠠ ᠬᠠᠩᠭᠠᠪᠠ ᠂ ᠲᠥᠪ᠎ᠤᠨ ᠵᠠᠰᠠᠭ᠎ᠤᠨ ᠣᠷᠳᠣᠨ ᠵᠢᠴᠢ ᠤᠯᠤᠰ᠎ᠤᠨ ᠡᠮ᠎ᠤᠨ ᠪᠦᠯᠦᠭᠯᠡᠯ᠎ᠤᠨ᠎ᠬᠢᠨ᠎ᠤ ᠲᠤᠰ ᠤᠳᠠᠭ᠎ᠠ᠎ᠶᠢᠨ ᠸᠠᠺᠼᠢᠨ᠎ᠢ ᠣᠣᠮᠧᠨ᠎ᠳ᠋ᠤ ᠬᠦᠷᠭᠡᠬᠦ᠎ᠳ᠋ᠤ ᠦᠵᠡᠭᠦᠯᠦᠭᠰᠡᠨ ᠬᠦᠴᠦᠲᠡᠢ ᠳᠡᠮᠵᠢᠯᠭᠡ᠎ᠳ᠋ᠤ ᠲᠠᠯᠠᠷᠬᠠᠵᠤ ᠪᠠᠶᠢᠨ᠎ᠠ ᠃ ᠣᠨᠴᠠᠭᠠᠶ ᠵᠠᠰᠠᠭ ᠵᠠᠬᠢᠷᠭᠠᠠ᠎ᠤ ᠣᠷᠣᠨ᠎ᠤ ᠵᠠᠰᠠᠭ᠎ᠤᠨ ᠣᠷᠳᠣᠨ ᠣᠣᠮᠧᠨ᠎ᠤ ᠸᠠᠺᠼᠢᠨ᠎ᠤ ᠲᠠᠷᠢᠯᠭ᠎ᠠ᠎ᠶᠢᠨ ᠠᠬᠢᠴᠠ᠎ᠶᠢ ᠪᠥᠬᠥ ᠬᠦᠴᠦᠨ᠎ᠢᠶᠠᠷ᠎ᠢᠶᠡᠨ ᠲᠦᠷᠭᠡᠳᠬᠡᠵᠦ ᠂ ᠣᠨᠴᠠᠭᠠᠶ ᠵᠠᠰᠠᠭ ᠵᠠᠬᠢᠷᠭᠠᠠ᠎ᠤ ᠣᠷᠣᠨ᠎ᠤ ᠡᠭᠡᠯᠢᠯᠡᠭᠡ᠎ᠶᠢᠨ ᠬᠠᠯᠬᠠᠪᠴᠢ᠎ᠶᠢ ᠡᠷᠲᠡᠬᠡᠨ ᠪᠠᠶᠢᠭᠤᠯᠬᠤ᠎ᠶᠢ ᠠᠬᠢᠭᠤᠯᠵᠤ ᠂ ᠣᠣᠮᠧᠨ᠎ᠤ ᠥᠷᠭᠡᠨ ᠣᠯᠠᠨ ᠬᠣᠲᠠ᠎ᠶᠢᠨ ᠠᠷᠠᠳ᠎ᠤᠨ ᠡᠷᠡᠭᠦᠯ ᠮᠡᠨᠳᠦ᠎ᠶᠢ ᠨᠠᠩ ᠰᠠᠶᠢᠲᠤᠷ ᠬᠠᠮᠠᠭᠠᠯᠠᠨ᠎ᠠ ᠭᠡᠵᠦ ᠢᠯᠡᠳᠭᠡᠪᠡ ᠃

ᠵᠠᠩ ᠴᠢᠩ ᠂ ᠡᠨᠡ ᠪᠦᠯᠦᠭ ᠸᠠᠺᠼᠢᠨ᠎ᠢ ᠬᠤᠳᠠᠯᠳᠤᠨ ᠠᠪᠬᠤ ᠪᠠ ᠵᠦᠭᠡᠭᠡᠪᠦᠷᠢᠯᠡᠬᠦ ᠠᠵᠢᠯ᠎ᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠶᠠᠩᠭᠠᠩ ᠣᠣᠮᠧᠨ᠎ᠤ ᠠᠵᠢᠯ᠎ᠤᠨ ᠠᠯᠪᠠᠨ ᠬᠡᠷ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ ᠂ ᠣᠣᠮᠧᠨ᠎ᠳ᠋ᠤ ᠰᠠᠭᠤᠭ᠎ᠠ ᠲᠦᠪ᠎ᠤᠨ ᠠᠷᠠᠳ᠎ᠤᠨ ᠵᠠᠰᠠᠭ᠎ᠤᠨ ᠤᠷᠲᠤᠨ᠎ᠤ ᠬᠤᠯᠪᠤᠭ᠎ᠠ ᠠᠪᠬᠤ ᠠᠯᠪᠠᠨ ᠭᠡᠷ ᠂ ᠬᠥᠩ ᠪᠸᠢ ᠪᠣᠭᠣᠮᠲᠠ ᠵᠢᠴᠢ ᠤᠯᠤᠰ᠎ᠤᠨ ᠡᠮ᠎ᠤᠨ ᠪᠦᠯᠦᠭᠯᠡᠯ ᠵᠡᠷᠭᠡ ᠪᠥᠬᠥ ᠬᠦᠴᠦᠨ᠎ᠢᠶᠠᠷ᠎ᠢᠶᠡᠨ ᠳᠡᠮᠵᠢᠵᠦ ᠂ ᠲᠥᠪ᠎ᠤᠨ ᠵᠠᠰᠠᠭ᠎ᠤᠨ ᠣᠷᠳᠣᠨ᠎ᠤ ᠣᠣᠮᠧᠨ᠎ᠢ ᠳᠣᠲᠣᠨᠣ᠎ᠪᠠᠷ ᠬᠠᠯᠠᠮᠵᠢᠯᠠᠵᠤ ᠪᠠᠶᠢᠬᠤ ᠪᠠ ᠡᠬᠡ ᠤᠯᠤᠰ᠎ᠤᠨ ᠠᠷᠠᠳ ᠲᠦᠮᠡᠨ᠎ᠤ ᠣᠣᠮᠧᠨ᠎ᠤ ᠠᠬ᠎ᠠ ᠳᠡᠭᠦᠦ ᠨᠡᠷ᠎ᠲᠤ ᠭᠦᠨ ᠵᠤᠵᠠᠭᠠᠨ ᠨᠥᠬᠥᠷᠯᠡᠯ᠎ᠲᠠᠢ ᠪᠠᠶᠢᠬᠤ᠎ᠶᠢ ᠢᠯᠡᠷᠡᠭᠦᠯᠵᠡᠶ ᠃ ᠸᠠᠺᠼᠢᠨ᠎ᠢ ᠴᠠᠭ ᠲᠤᠬᠠᠶ᠎ᠳ᠋ᠤᠨᠢ ᠬᠦᠷᠭᠡᠵᠦ ᠦᠭᠭᠦᠭᠰᠡᠡ᠎ᠨᠢ ᠣᠣᠮᠧᠨ ᠣᠨᠴᠠᠭᠠᠶ ᠵᠠᠰᠠᠭ ᠵᠠᠬᠢᠷᠭᠠᠨ᠎ᠤ ᠣᠷᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠲᠠᠢ ᠪᠦᠲᠦᠮᠵᠢᠲᠡᠶ ᠬᠠᠮᠵᠢᠯᠴᠠᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ᠎ᠢ ᠪᠡᠬᠢᠵᠢᠭᠦᠯᠬᠦ ᠂ ᠬᠥᠮᠦᠰ᠎ᠤᠨ ᠡᠭᠡᠯᠢᠯᠡᠭᠡ᠎ᠶᠢᠨ ᠬᠠᠯᠬᠠᠪᠴᠢ᠎ᠶᠢ ᠪᠦᠷᠢᠯᠳᠦᠭᠦᠯᠬᠦ ᠂ ᠠᠵᠤ ᠠᠬᠤᠶ᠎ᠶᠢ ᠲᠦᠷᠬᠡᠨ ᠰᠡᠷᠭᠦᠭᠡᠬᠦ᠎ᠳ᠋ᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ ᠭᠡᠵᠦ ᠢᠯᠡᠳᠭᠡᠪᠡ ᠃

ᠪᠦᠷᠢᠳᠬᠡᠯ᠎ᠢ ᠦᠨᠳᠦᠰᠦᠯᠡᠪᠡᠯ ᠂ ᠡᠨᠡ ᠵᠢᠯ᠎ᠤᠨ 2 ᠰᠠᠷ᠎ᠠ᠎ᠡᠴᠠ ᠨᠠᠭᠠᠰᠢ ᠂ ᠨᠠᠨ ᠭᠤᠸᠠᠩ ᠪᠠᠷᠠᠭᠠᠨ᠎ᠤ ᠭᠦᠶᠯᠭᠡᠭᠡ᠎ᠶᠢᠨ ᠺᠤᠮᠫᠠᠨᠢ᠎ᠨᠢ ᠣᠨᠴᠠᠭᠠᠶ ᠵᠠᠰᠠᠭ ᠵᠠᠬᠢᠷᠭᠠᠠ᠎ᠤ ᠣᠷᠣᠨ᠎ᠤ ᠵᠠᠰᠠᠭ᠎ᠤᠨ ᠣᠷᠳᠣᠨ᠎ᠤ ᠨᠠᠶᠢᠳᠠᠯᠭ᠎ᠠ᠎ᠪᠠᠷ ᠣᠣᠮᠧᠨ᠎ᠳ᠋ᠤ ᠭᠤᠷᠪᠠᠨ ᠪᠦᠯᠦᠭ ᠨᠡᠶᠢᠲᠡ 70 ᠲᠦᠮᠡᠨ ᠲᠠᠷᠢᠯᠭ᠎ᠠ᠎ᠶᠢᠨ ᠤᠯᠤᠰ᠎ᠤᠨ ᠡᠮ᠎ᠤᠨ ᠢᠳᠡᠪᠬᠢ ᠥᠬᠡᠶᠢᠳᠡᠭᠦᠯᠬᠦ ᠸᠠᠺᠼᠢᠨ᠎ᠢ ᠬᠤᠳᠠᠯᠳᠤᠨ ᠠᠪᠴᠤ ᠂ ᠵᠥᠭᠡᠭᠡᠪᠦᠷᠢᠯᠡᠵᠦ ᠥᠭᠴᠡᠶ ᠃

11᠎ᠤ ᠡᠳᠦᠷ ᠪᠣᠯᠲᠠᠯ᠎ᠠ ᠂ ᠣᠣᠮᠧᠨ᠎ᠳ᠋ᠤ ᠰᠢᠨ᠎ᠡ ᠲᠢᠲᠢᠮᠯᠢᠭ ᠸᠢᠷᠦᠢᠰ᠎ᠤᠨ ᠸᠠᠺᠼᠢᠨ᠎ᠢ ᠨᠡᠶᠢᠲᠡ 540087 ᠳᠠᠷᠢᠵᠤ ᠂ ᠨᠢᠭᠡᠨᠲᠡ ᠳᠠᠷᠢᠭᠤᠯᠤᠭᠰᠠᠨ ᠬᠥᠮᠦᠨ᠎ᠤ ᠲᠣᠭ᠎ᠠ ᠨᠡᠶᠢᠲᠡ 297948 ᠪᠣᠯᠵᠠᠶ ᠂ ᠡᠭᠦᠨ᠎ᠳ᠋ᠤ ᠵᠥᠪᠬᠡᠨ ᠨᠢᠭᠡᠳᠦᠭᠡᠷ ᠲᠠᠷᠢᠯᠭ᠎ᠠ ᠬᠢᠭᠰᠡᠨ ᠬᠥᠮᠦᠨ᠎ᠤ ᠲᠣᠭ᠎ᠠ 54007 ᠪᠠᠶᠢᠵᠤ ᠂ ᠨᠢᠭᠡᠨᠲᠡ ᠬᠣᠶᠠᠳᠤᠭᠠᠷ ᠲᠠᠷᠢᠯᠭ᠎ᠠ ᠬᠢᠭᠰᠡᠨ ᠬᠥᠮᠦᠨ᠎ᠤ ᠲᠣᠭ᠎ᠠ 243941 ᠪᠠᠶᠢᠵᠤ ᠂ ᠪᠥᠬᠥ ᠠᠷᠠᠳ᠎ᠤᠨ ᠸᠠᠺᠼᠢᠨ᠎ᠤ ᠲᠠᠷᠢᠯᠭ᠎ᠠ ᠬᠢᠭᠰᠡᠨ ᠨᠣᠷᠮ᠎ᠠ 43.5%᠎ᠳ᠋ᠤ ᠬᠦᠷᠴᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面