2021-08-24 10:37:37
ᠬᠥᠬᠡᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ᠎ᠡᠴᠠ ᠣᠶᠢᠯᠠᠭᠠᠭᠰᠠᠨ᠎ᠢᠶᠠᠷ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠶᠢ ᠤᠯᠠᠮ ᠨᠢᠭᠡ ᠠᠯᠬᠤᠮ ᠴᠢᠩᠭᠠᠳᠬᠠᠬᠤ᠎ᠶᠢᠨ ᠲᠥᠯᠥᠭᠡ᠂ 8 ᠰᠠᠷ᠎ᠠ᠎ᠶᠢᠨ ᠡᠴᠦᠰ ᠪᠣᠯᠲᠠᠯ᠎ᠠ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠡᠷᠢᠯᠭᠡ ᠬᠢᠭᠰᠡᠨ ᠥᠬᠡᠶ ᠬᠦᠬᠡᠬᠤᠳᠠ᠎ᠶᠢᠨ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ᠎ᠪᠠᠷ ᠪᠣᠯᠵᠣᠬᠤ ᠮᠠᠰᠢᠨ ᠲᠡᠷᠭᠡᠨ᠎ᠤ ᠵᠢᠯᠣᠭᠣᠴᠢ᠎ᠶᠢᠨ ᠮᠠᠰᠢᠨ ᠲᠡᠷᠭᠡ ᠵᠢᠯᠤᠭᠤᠳᠬᠤ ᠦᠢᠯᠡᠴᠢᠯᠡᠭᠡ᠎ᠶᠢ ᠲᠦᠷ ᠵᠣᠭᠰᠣᠭᠠᠬᠤ᠎ᠪᠠᠷ ᠪᠣᠶ᠃
ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ ᠬᠦᠬᠡᠬᠤᠳᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠦᠷᠢᠶᠡᠨ᠎ᠳ᠋ᠠᠬᠢ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠸᠠᠺᠼᠢᠨ᠎ᠤ ᠲᠠᠷᠢᠯᠭ᠎ᠠ ᠬᠢᠬᠦ ᠬᠠᠮᠢᠶ᠎ᠠ ᠪᠥᠬᠥᠶ ᠠᠵᠢᠯ᠎ᠢ ᠲᠣᠬᠢᠷᠠᠭᠤᠯᠤᠨ ᠪᠠᠶᠢᠷᠢᠯᠠᠭᠤᠯᠪᠠ᠃ ᠠᠵᠢᠯᠲᠠᠨ᠎ᠢ ᠭᠦᠶᠴᠡᠳ ᠳᠤᠬᠢᠷᠠᠭᠤᠯᠤᠨ᠂ 24 ᠴᠠᠭ᠎ᠢᠶᠠᠷ ᠵᠢᠵᠢᠭᠦᠷᠯᠡᠬᠦ᠎ᠶᠢ ᠪᠠᠳᠤᠯᠠᠪᠠ︔ ᠨᠡᠢᠳᠡ᠎ᠶᠢᠨ ᠮᠠᠰᠢᠨ ᠲᠡᠷᠭᠡ ᠪᠠ ᠵᠢᠮᠳᠤ ᠲᠡᠮᠦᠷ ᠵᠠᠮ᠎ᠤᠨ ᠵᠠᠮ ᠲᠡᠭᠡᠭᠡᠪᠦᠷᠢ᠎ᠶᠢᠨ ᠠᠵᠢᠯ ᠲᠥᠷᠥᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠵᠦ ᠬᠢᠨᠠᠨ ᠵᠢᠯᠣᠭᠣᠳᠴᠤ ᠪᠠᠶᠢᠴᠠᠭᠠᠬᠤ ᠠᠵᠢᠯ᠎ᠢ ᠴᠢᠩᠭᠠᠳᠬᠠᠪᠠ︔ ᠲᠦᠷᠢᠶᠡᠰᠦᠨ ᠮᠠᠰᠢᠨ᠎ᠤ ᠵᠢᠯᠣᠭᠣᠴᠢ ᠠᠵᠢᠯᠯᠠᠵᠤ ᠪᠠᠢᠭ᠎ᠠ ᠬᠤᠭᠤᠴᠠᠭᠠᠨ᠎ᠳᠠᠭᠠᠨ ᠵᠠᠪᠠᠯ ᠠᠮᠠᠪᠴᠢ ᠵᠡᠭᠦᠬᠦ ᠬᠡᠷᠡᠭᠲᠡᠶ ᠪᠥᠭᠡᠳ ᠡᠳᠦᠷ ᠪᠦᠷᠢ᠎ᠶᠢᠨ ᠪᠡᠶ᠎ᠡ᠎ᠶᠢᠨ ᠲᠤᠯᠠᠭᠠᠨ᠎ᠤ ᠪᠠᠶᠢᠴᠠᠭᠠᠯᠲᠠ ᠬᠢᠬᠦ ᠬᠡᠷᠡᠭᠲᠡᠶ︔ ᠠᠶᠠᠨᠴᠢᠳ ᠠᠮᠠᠪᠴᠢ ᠵᠡᠭᠦᠬᠦ᠎ᠶᠢᠨ ᠬᠠᠮᠲᠤ ᠡᠷᠡᠭᠦᠯ ᠮᠡᠨᠳᠦ᠎ᠶᠢᠨ ᠨᠣᠭᠣᠭᠠᠨ ᠺᠣᠳ᠋᠎ᠢᠶᠡᠨ ᠦᠵᠡᠭᠦᠯᠦᠭᠰᠡᠨ᠎ᠤ ᠳᠠᠷᠠᠭ᠎ᠠ ᠰᠠᠶᠢ ᠲᠡᠷᠭᠡᠨ᠎ᠳ᠋ᠤ ᠰᠠᠭᠤᠵᠤ ᠪᠣᠯᠤᠨ᠎ᠠ ᠭᠡᠵᠦ ᠳᠤᠭᠳᠠᠭᠠᠪᠠ ᠃ 8 ᠰᠠᠷ᠎ᠠ᠎ᠶᠢᠨ ᠰᠡᠭᠦᠯᠴᠢ ᠪᠣᠯᠲᠠᠯ᠎ᠠ᠂ ᠸᠠᠺᠼᠢᠨ᠎ᠤ ᠲᠠᠷᠢᠯᠭ᠎ᠠ ᠬᠢᠭᠰᠡᠨ ᠦᠭᠡᠢ ᠲᠦᠷᠢᠶᠡᠰᠦᠨ ᠮᠠᠰᠢᠨ ᠲᠡᠷᠭᠡ ᠪᠠ ᠰᠦᠯᠵᠢᠶ᠎ᠡ᠎ᠪᠠᠷ ᠪᠣᠯᠵᠣᠬᠤ ᠮᠠᠰᠢᠨ ᠲᠡᠷᠭᠡᠨ᠎ᠤ ᠲᠡᠷᠭᠡ ᠵᠢᠯᠤᠭᠤᠳᠬᠤ ᠦᠢᠯᠡᠴᠢᠯᠡᠭᠡ᠎ᠶᠢ ᠲᠦᠷ ᠵᠣᠭᠰᠣᠭᠠᠬᠤ ᠠᠷᠭ᠎ᠠ ᠬᠡᠮᠵᠢᠶ᠎ᠡ ᠠᠪᠴᠠᠶ᠃
ᠣᠳᠣᠬᠠᠨ ᠪᠣᠯᠲᠠᠯ᠎ᠠ᠂ ᠬᠥᠬᠡᠬᠣᠲᠠ᠎ᠶᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ᠎ᠤ ᠪᠠᠲᠤᠯᠠᠭ᠎ᠠ᠎ᠶᠢᠨ ᠳᠤᠭᠤᠶᠢᠯᠠᠩ ᠨᠢᠭᠡᠨᠲᠡ ᠵᠢᠮᠳᠤ ᠲᠡᠮᠦᠷ ᠵᠠᠮ᠎ᠤᠨ ᠦᠷᠲᠡᠭᠡ᠂ ᠲᠦᠷᠭᠡᠨ᠎ᠤ ᠲᠡᠮᠦᠷ ᠵᠠᠮ᠎ᠤᠨ ᠦᠷᠲᠡᠭᠡ᠂ ᠠᠶᠠᠨᠴᠢᠳ᠎ᠤᠨ ᠮᠠᠰᠢᠨ ᠲᠡᠷᠭᠡᠨ᠎ᠤ ᠦᠷᠲᠡᠭᠡ᠂ ᠨᠢᠰᠭᠡᠯ᠎ᠤᠨ ᠲᠠᠯᠠᠪᠤᠷ᠎ᠲᠤ ︽ ᠬᠥᠬᠡᠬᠣᠲᠠ᠎ᠶᠢᠨ ᠴᠠᠭᠳᠠᠭᠠᠨ ᠨᠣᠮᠧᠷ︾᠎ᠢ ᠬᠢᠨᠠᠨ ᠰᠢᠯᠭᠠᠬᠤ ᠠᠵᠢᠯ᠎ᠢ ᠪᠠᠶᠢᠷᠢᠯᠠᠭᠤᠯᠪᠠ᠃ ︽ ᠨᠢᠭᠡ ᠲᠠᠯᠠᠪᠤᠷ ᠭᠤᠷᠪᠠᠨ ᠥᠷᠲᠡᠭᠡ︾᠎ᠳ᠋ᠤ ᠨᠡᠶᠢᠲᠡ 532 ᠡᠳᠦᠷ ᠵᠢᠵᠢᠭᠦᠷᠯᠡᠵᠦ᠂ ᠨᠡᠶᠢᠲᠡ 8.2 ᠲᠦᠮᠡ ᠭᠠᠷᠤᠶ ᠠᠵᠢᠯᠲᠠᠨ ᠳᠤᠬᠢᠷᠠᠭᠤᠯᠵᠦ᠂ ᠬᠥᠬᠡᠬᠣᠲᠠ᠎ᠳ᠋ᠤ ᠢᠷᠡᠭᠰᠡᠨ 8.8 ᠲᠦᠮᠡ ᠭᠠᠷᠤᠶ ᠬᠥᠮᠦᠨ᠎ᠢ ᠳᠡᠩᠰᠡᠯᠡᠵᠦ᠂ ᠬᠢᠯᠢ᠎ᠶᠢᠨ ᠭᠠᠳᠠᠨ᠎ᠠ᠎ᠡᠴᠠ ᠬᠥᠬᠡᠬᠣᠲᠠ᠎ᠳ᠋ᠤ ᠢᠷᠡᠭᠰᠡᠨ 6563 ᠬᠥᠮᠦᠨ᠎ᠢ ᠳᠡᠩᠰᠡᠯᠡᠪᠠ᠃ ᠲᠤᠬᠠᠶ᠎ᠶᠢᠨ ᠲᠠᠯᠠᠪᠠᠶ᠎ᠶᠢᠨ ᠠᠵᠢᠯᠯᠠᠬᠤ ᠳᠤᠭᠤᠶᠢᠯᠠᠩ᠎ᠤᠨ ᠠᠵᠢᠯᠲᠠᠨ᠎ᠤ ᠸᠠᠺᠼᠢᠨ᠎ᠤ ᠲᠠᠷᠢᠯᠭ᠎ᠠ ᠬᠢᠭᠰᠡᠨ ᠨᠣᠷᠮ᠎ᠠ 100%᠎ᠳ᠋ᠤ ᠬᠦᠷᠴᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃