2021-08-24 10:38:23
8 ᠰᠠᠷ᠎ᠠ᠎ᠶᠢᠨ 11᠎ᠤ ᠡᠳᠦᠷ ᠪᠣᠯ ᠤᠷᠠᠳ᠎ᠤᠨ ᠬᠣᠶᠢᠲᠤ ᠬᠣᠰᠢᠭᠤ᠎ᠡᠴᠠ ᠲᠤᠰᠬᠠᠶᠢᠯᠠᠨ 12 ᠨᠠᠰᠤᠨ᠎ᠡᠴᠠ ᠳᠡᠭᠡᠭᠰᠢᠬᠢ ᠬᠡᠤᠬᠡᠳ ᠪᠠᠭᠠᠴᠤᠳ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠳᠠᠷᠢᠭᠤᠯᠬᠤ᠎ᠪᠠᠷ ᠲᠣᠬᠢᠷᠠᠭᠤᠯᠤᠭᠰᠠᠨ ᠡᠳᠦᠷ ᠪᠠᠢᠵᠥ᠂ ᠰᠤᠷᠪᠤᠯᠵᠢᠯᠠᠭᠴᠢ ᠬᠣᠰᠢᠭᠤᠨ᠎ᠤ ᠡᠬᠡ ᠨᠢᠯᠬᠠᠰ᠎ᠤᠨ ᠡᠷᠡᠭᠦᠯᠵᠢᠯ ᠲᠥᠯᠥᠪᠯᠡᠭᠡᠲᠦ ᠦᠷᠡᠵᠢᠯ᠎ᠤᠨ ᠦᠢᠯᠡᠴᠢᠯᠡᠭᠡᠨ᠎ᠤ ᠲᠥᠪ᠎ᠤᠨ ᠲᠠᠷᠢᠯᠭ᠎ᠠ ᠬᠢᠬᠦ ᠲᠤᠬᠠᠶ᠎ᠶᠢᠨ ᠲᠠᠯᠠᠪᠠᠶ᠎ᠳ᠋ᠤ ᠬᠦᠷᠬᠦ᠎ᠳ᠋ᠤ᠂ ᠰᠤᠷᠤᠭᠴᠢᠳ ᠶᠠᠭ ᠪᠠᠭᠰᠢ ᠪᠣᠯᠤᠨ ᠡᠮᠴᠢ ᠰᠤᠪᠢᠯᠠᠭᠴᠢ᠎ᠶᠢᠨ ᠲᠠᠭᠠᠭᠤᠯᠭ᠎ᠠ ᠳᠤᠤᠷ᠎ᠠ ᠡᠮᠬᠢ ᠵᠢᠷᠤᠮ᠎ᠲᠠᠢ᠎ᠪᠠᠷ ᠸᠠᠺᠼᠢᠨ᠎ᠤ ᠲᠠᠷᠢᠯᠭ᠎ᠠ ᠬᠢᠵᠦ ᠪᠠᠶᠢᠯ᠎ᠠ᠃
ᠤᠷᠠᠳ᠎ᠤᠨ ᠬᠤᠢᠳᠤ ᠬᠣᠰᠢᠭᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠨᠢᠭᠡᠳᠦᠯᠲᠡᠶ ᠲᠣᠬᠢᠷᠠᠭᠤᠯᠤᠯᠲᠠ᠎ᠪᠠᠷ᠂ ᠣᠶᠢᠷ᠎ᠠ᠎ᠶᠢᠨ ᠡᠳᠦᠷ᠂ ᠲᠤᠰ ᠦᠢᠯᠡᠴᠢᠯᠡᠭᠡᠨ᠎ᠤ ᠲᠥᠪ ᠪᠣᠯᠤᠨ ᠬᠣᠰᠢᠭᠤᠨ᠎ᠤ ᠰᠤᠷᠭᠠᠨ ᠬᠥᠮᠦᠵᠢᠯ᠎ᠤᠨ ᠲᠣᠪᠴᠢᠶ᠎ᠠ ᠬᠠᠮᠳᠤᠷᠠᠵᠤ᠂ ᠬᠣᠰᠢᠭᠤᠨ᠎ᠤ᠎ᠪᠠᠨ 12 ᠨᠠᠰᠤᠨ᠎ᠡᠴᠠ ᠳᠡᠭᠡᠭᠰᠢᠬᠢ ᠰᠤᠷᠬᠤ ᠨᠠᠰᠤᠨ᠎ᠤ ᠬᠡᠤᠬᠡᠳ ᠪᠠᠭᠠᠴᠤᠳ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠠᠬᠢᠭᠤᠯᠵᠤ ᠪᠤᠢ᠃ ︽ ᠣᠲᠣ ᠬᠡᠤᠬᠡᠳ ᠪᠠᠭᠠᠴᠤᠳ᠎ᠲᠤ ᠲᠠᠷᠢᠯᠭ᠎ᠠ ᠬᠢᠬᠦ ᠨᠣᠷᠮ᠎ᠠ ᠨᠡᠯᠢᠶᠡᠳ ᠥᠨᠳᠥᠷ ᠪᠠᠶᠢᠵᠤ᠂ ᠶᠠᠮᠠᠷ ᠴᠤ ᠮᠠᠭᠤ ᠨᠥᠯᠥᠭᠡ ᠭᠠᠷᠤᠭᠰᠠᠨ ᠥᠬᠡᠶ᠂ ᠮᠠᠰᠢ ᠰᠠᠨᠠᠭ᠎ᠠ ᠠᠮᠤᠷ ᠪᠠᠶᠢᠨ᠎ᠠ︾ ᠭᠡᠵᠦ ᠬᠦᠦ᠎ᠳ᠋ᠡᠭᠡᠨ ᠪᠠᠷ᠎ᠠ ᠪᠣᠯᠵᠣ ᠸᠠᠺᠼᠢᠨ᠎ᠤ ᠲᠠᠷᠢᠯᠭ᠎ᠠ ᠬᠢᠬᠦ᠎ᠪᠠᠷ ᠢᠷᠡᠭᠰᠡᠨ ᠬᠣᠲᠠ᠎ᠶᠢᠨ ᠠᠷᠠᠳ ᠯᠢ ᠲᠤᠩ ᠮᠧᠶ ᠬᠡᠯᠡᠨ᠎ᠡ᠃
ᠲᠤᠰ ᠬᠤᠰᠢᠭᠤ ᠰᠤᠷᠬᠤ ᠨᠠᠰᠤᠨ᠎ᠤ ᠬᠡᠤᠬᠡᠳ ᠪᠠᠭᠠᠴᠤᠳ᠎ᠲᠤ ᠸᠠᠺᠼᠢᠨ ᠳᠠᠷᠢᠬᠤ ᠠᠵᠢᠯ᠎ᠢ ᠥᠨᠳᠥᠷ ᠪᠦᠲᠦᠮᠵᠢᠲᠡᠶ ᠡᠮᠬᠢ ᠵᠢᠷᠤᠮ᠎ᠲᠠᠢ ᠵᠣᠬᠢᠶᠠᠨ ᠪᠠᠶᠢᠭᠤᠯᠵᠤ᠂ ᠨᠠᠩ ᠬᠦᠴᠦᠷᠬᠡᠭ ᠶᠡᠬᠡ ᠡᠭᠡᠯᠢᠯᠡᠭᠡ᠎ᠶᠢᠨ ᠬᠠᠯᠬᠠᠪᠴᠢ᠎ᠶᠢ ᠲᠦᠷᠭᠡᠬᠡᠨ ᠴᠣᠭᠴᠠᠯᠠᠬᠤ᠎ᠶᠢᠨ ᠲᠥᠯᠥᠭᠡ ᠰᠤᠷᠭᠠᠭᠤᠯᠢ᠎ᠪᠠᠷ ᠨᠢᠭᠡᠴᠢ ᠪᠣᠯᠭᠠᠨ ᠬᠡᠤᠬᠡᠳ ᠪᠠᠭᠠᠴᠤᠳ᠎ᠲᠤ ᠥᠷᠭᠡᠨ ᠳᠡᠯᠭᠡᠷ ᠤᠬᠠᠭᠤᠯᠭ᠎ᠠ ᠳᠠᠶᠢᠴᠢᠯᠠᠯᠲᠠ ᠬᠢᠵᠦ᠂ 7 ᠰᠠᠷ᠎ᠠ᠎ᠶᠢᠨ 21᠎ᠤ ᠡᠳᠦᠷ᠎ᠡᠴᠠ ᠰᠤᠷᠬᠤ ᠨᠠᠰᠤᠨ᠎ᠤ ᠬᠡᠤᠬᠡᠳ ᠪᠠᠭᠠᠴᠤᠳ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠵᠥ᠂ 8 ᠰᠠᠷ᠎ᠠ᠎ᠶᠢᠨ 11᠎ᠤ ᠡᠳᠦᠷ ᠪᠣᠯᠲᠠᠯ᠎ᠠ᠂ 12᠎ᠡᠴᠠ 17 ᠨᠠᠰᠤᠨ᠎ᠤ ᠬᠡᠤᠬᠡᠳ ᠪᠠᠭᠠᠴᠤᠳ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ 2542 ᠲᠠᠷᠢᠯᠭ᠎ᠠ ︵ ᠤᠳᠠᠭ᠎ᠠ︶ ᠳᠠᠷᠢᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃