2021-08-26 09:37:34
ᠰᠢᠨᠬᠤᠸᠠ ᠬᠣᠷᠢᠶᠠᠨ᠎ᠤ ᠶᠤᠬᠠᠨᠨ᠋ᠸᠰᠪᠦ᠋ᠷᠡᠭᠤᠨ 8 ᠰᠠᠷ᠎ᠠ᠎ᠶᠢᠨ 22᠎ᠤᠨ ᠴᠠᠬᠢᠯᠭᠠᠨ ᠮᠡᠳᠡᠭᠡ ︵ ᠰᠤᠷᠪᠤᠯᠵᠢᠯᠠᠭᠴᠢ ᠵᠢᠩ ᠵᠢᠩ ︶ ᠭᠠᠳᠠᠭᠠᠳᠤ᠎ᠳ᠋ᠤ ᠪᠠᠢᠭ᠎ᠠ ᠳᠤᠮᠳᠠᠳᠤ ᠤᠯᠤᠰ᠎ᠤᠨ ᠠᠷᠠᠳ ᠢᠷᠭᠡᠨ᠎ᠳ᠋ᠤ ᠰᠢᠨ᠎ᠡ ᠲᠢᠲᠢᠮᠯᠢᠭ ᠸᠢᠷᠦᠢᠰᠤᠨ ᠸᠠᠺᠼᠢᠨ ᠲᠠᠷᠢᠬᠤ ︽ ᠬᠠᠪᠤᠷ᠎ᠤᠨ ᠴᠢᠬᠢ ᠠᠵᠢᠯᠯᠠᠭ᠎ᠠ︾᠎ᠶᠢ 21᠎ᠤ ᠡᠳᠦᠷ ᠯᠸᠰᠤᠲ᠋ᠣ᠋ᠳ᠋ᠤ ᠵᠢᠩᠬᠢᠨᠢ᠎ᠪᠠᠷ ᠬᠡᠷᠡᠭᠵᠢᠭᠦᠯᠪᠡ᠃ ᠲᠤᠰ ᠡᠳᠦᠷ᠂ ᠳᠤᠮᠳᠠᠳᠤ ᠤᠯᠤᠰ᠎ᠤᠨ ᠠᠬ᠎ᠠ ᠳᠡᠭᠦᠦ ᠨᠡᠷ ᠯᠸᠰᠤᠲ᠋ᠣ᠋ᠳ᠋ᠤ ᠰᠠᠭᠤᠭ᠎ᠠ ᠡᠯᠴᠢᠨ ᠰᠠᠶᠢᠳ᠎ᠤᠨ ᠶᠠᠮᠤᠨ᠎ᠳ᠋ᠤ ᠳᠤᠮᠳᠠᠳᠤ ᠤᠯᠤᠰ᠎ᠤᠨ ᠠᠩᠬᠠᠳᠠᠭᠴᠢ ᠤᠯᠤᠰ᠎ᠤᠨ ᠡᠮ᠎ᠤᠨ ᠸᠠᠺᠼᠢᠨ᠎ᠢ ᠳᠠᠷᠢᠵᠤ ᠡᠬᠢᠯᠡᠪᠡ᠃
ᠯᠸᠰᠤᠲ᠋ᠣ᠋ᠳ᠋ᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶᠢᠳ ᠯᠸᠢ ᠺᠸ ᠵᠦᠩ ᠡᠬᠢᠯᠡᠯᠲᠡ᠎ᠶᠢᠨ ᠶᠣᠰᠣᠯᠠᠯ᠎ᠳ᠋ᠤ ᠣᠷᠣᠯᠴᠠᠵᠤ ᠶᠠᠷᠢᠶ᠎ᠠ ᠲᠠᠯᠪᠢᠪᠠ᠃ ᠯᠧᠢ ᠺᠧ ᠵᠥᠩ᠂ ︽ ᠬᠠᠪᠤᠷ᠎ᠤᠨ ᠴᠢᠬᠢ ᠠᠵᠢᠯᠯᠠᠭ᠎ᠠ︾ ᠪᠣᠯ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠡᠴᠠ ᠭᠠᠳᠠᠭᠠᠳᠤ᠎ᠳ᠋ᠤ ᠪᠠᠶᠢᠭ᠎ᠠ ᠳᠤᠮᠳᠠᠳᠤ ᠤᠯᠤᠰ᠎ᠤᠨ ᠠᠷᠠᠳ ᠢᠷᠭᠡᠨ᠎ᠤ ᠡᠷᠡᠭᠦᠯ ᠮᠡᠨᠳᠦ᠎ᠶᠢᠨ ᠠᠮᠤᠷ ᠲᠦᠪᠰᠢᠨ᠎ᠢ ᠪᠠᠲᠤᠯᠠᠬᠤ᠎ᠶᠢᠨ ᠲᠥᠯᠥᠭᠡ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ᠎ᠶᠢᠨ ᠪᠠᠶᠢᠷᠢᠯᠠᠭᠤᠯᠤᠯᠲᠠ ᠮᠥᠨ᠂ ᠡᠨᠡ᠎ᠨᠢ ᠨᠠᠮ ᠪᠠ ᠤᠯᠤᠰ᠎ᠡᠴᠠ ᠭᠠᠳᠠᠭᠠᠳᠤ᠎ᠳ᠋ᠤ ᠪᠠᠶᠢᠭ᠎ᠠ ᠳᠤᠮᠳᠠᠳᠤ ᠤᠯᠤᠰ᠎ᠤᠨ ᠠᠷᠠᠳ ᠢᠷᠭᠡᠨ᠎ᠢ ᠬᠠᠯᠠᠮᠵᠢᠯᠠᠨ ᠬᠠᠶᠢᠷᠠᠯᠠᠵᠤ ᠪᠠᠶᠢᠬᠤ᠎ᠶᠢ ᠬᠠᠷᠠᠭᠤᠯᠵᠤ ᠪᠠᠶᠢᠨ᠎ᠠ᠃ ᠯᠸᠰᠤᠲ᠋ᠣ᠋ᠳ᠋ᠤ ᠰᠠᠭᠤᠭ᠎ᠠ ᠡᠯᠴᠢᠨ ᠰᠠᠶᠢᠳ᠎ᠤᠨ ᠶᠠᠮᠤᠨ ᠯᠸᠰᠤᠲ᠋ᠣ᠋ᠳ᠋ᠤ ᠪᠠᠶᠢᠭ᠎ᠠ ᠪᠤᠢ ᠪᠦᠬᠦᠢ ᠠᠬ᠎ᠠ ᠳᠡᠭᠦᠦ ᠨᠡᠷ᠎ᠲᠠᠢ ᠭᠠᠷ ᠬᠣᠯᠪᠣᠨ ᠴᠢᠷᠮᠠᠶᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠢᠵᠢᠭ᠎ᠤᠨ ᠪᠠᠶᠢᠳᠠᠯ᠎ᠢ ᠬᠠᠮᠲᠤ᠎ᠪᠠᠷ ᠢᠯᠠᠨ ᠳᠠᠪᠠᠨ᠎ᠠ ᠭᠡᠵᠦ ᠬᠡᠯᠡᠪᠡ᠃
ᠲᠤᠬᠠᠶ᠎ᠶᠢᠨ ᠲᠠᠯᠠᠪᠠᠶ᠎ᠳ᠋ᠤ ᠲᠠᠷᠢᠯᠭ᠎ᠠ ᠲᠠᠷᠢᠭᠰᠠᠨ ᠠᠬ᠎ᠠ ᠳᠡᠭᠦᠦ ᠨᠡᠷ᠂ ᠡᠬᠡ ᠤᠯᠤᠰ᠎ᠡᠴᠠ ᠡᠵᠡᠭᠦᠢ ᠬᠤᠯᠠ ᠬᠢᠵᠢᠭ᠎ᠤᠨ ᠪᠠᠶᠢᠳᠠᠯ ᠦᠷᠭᠦᠯᠵᠢᠯᠡᠨ ᠦᠷᠪᠢᠰᠦᠨ ᠳᠡᠯᠭᠡᠷᠡᠵᠦ ᠪᠠᠶᠢᠭ᠎ᠠ ᠠᠹᠷᠢᠺᠠ ᠲᠢᠪ᠎ᠲᠤ᠂ ᠡᠬᠡ ᠤᠯᠤᠰ᠎ᠤᠨ ᠸᠠᠺᠼᠢᠨ᠎ᠢ ᠴᠠᠭ ᠲᠤᠬᠠᠶ᠎ᠳ᠋ᠤᠨᠢ ᠳᠠᠷᠢᠭᠰᠠᠨ᠎ᠳᠠᠭᠠᠨ ᠮᠠᠰᠢ ᠣᠮᠣᠭᠰᠢᠵᠤ ᠪᠠᠶᠢᠨ᠎ᠠ᠂ ᠨᠠᠮ ᠪᠣᠯᠤᠨ ᠵᠠᠰᠠᠭ᠎ᠤᠨ ᠣᠷᠳᠣᠨ᠎ᠤ ᠭᠠᠳᠠᠭᠠᠳᠤ᠎ᠳ᠋ᠤ ᠪᠠᠶᠢᠭ᠎ᠠ ᠳᠤᠮᠳᠠᠳᠤ ᠤᠯᠤᠰ᠎ᠤᠨ ᠠᠷᠠᠳ ᠢᠷᠭᠡᠨ᠎ᠢ ᠬᠠᠯᠠᠮᠵᠢᠯᠠᠵᠤ ᠪᠠᠢᠭ᠎ᠠ᠎ᠳ᠋ᠤ ᠴᠢᠩ ᠰᠡᠳᠬᠢᠯ᠎ᠡᠴᠠ᠎ᠪᠠᠨ ᠲᠠᠯᠠᠷᠬᠠᠵᠤ ᠪᠠᠶᠢᠨ᠎ᠠ᠂ ᠡᠯᠴᠢᠨ ᠰᠠᠶᠢᠳ᠎ᠤᠨ ᠶᠠᠮᠤᠨ᠎ᠤ ᠴᠥᠬᠥᠷᠡᠰᠢ ᠥᠬᠡᠶ ᠴᠢᠷᠮᠠᠶᠢᠯᠭ᠎ᠠ᠎ᠳ᠋ᠤ ᠲᠠᠯᠠᠷᠬᠠᠵᠤ ᠪᠠᠶᠢᠨ᠎ᠠ᠂ ᠡᠨᠡ᠎ᠨᠢ ᠣᠯᠠᠨ᠎ᠤ ᠬᠢᠵᠢᠭ᠎ᠲᠠᠢ ᠲᠡᠮᠡᠴᠡᠬᠦ ᠢᠲᠡᠭᠡᠯ ᠵᠣᠷᠢᠭ᠎ᠢ ᠬᠥᠪᠴᠢᠯᠡᠯᠠ ᠭᠡᠵᠦ ᠢᠯᠡᠳᠬᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃