ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-08-30 10:53:06

ᠵᠣᠬᠢᠶᠠᠭ᠍ᠴᠢ᠄ ᠳᠠᠳᠤᠯᠭ᠎ᠠ᠎ᠶᠢᠨ ᠰᠤᠷᠪᠤᠯᠵᠢᠯᠠᠭᠴᠢ ᠮᠧᠢ ᠭᠠᠩ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 28᠎ᠤ ᠦᠳᠡ᠎ᠶᠢᠨ ᠬᠣᠶᠢᠨ᠎ᠠ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠶᠢᠯᠡᠵᠦ ᠬᠣᠯᠪᠣᠭᠠᠯᠠᠨ ᠡᠵᠡᠮᠳᠡᠬᠦ ᠲᠣᠭᠲᠠᠴᠠ᠎ᠶᠢᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠸᠢᠳᠢᠣ᠋ ᠲᠤᠬᠢᠷᠠᠭᠤᠯᠬᠤ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠲᠤᠭᠤᠰᠢᠯᠠᠭᠤᠯᠵᠤ᠂ ᠪᠦᠬᠦ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠪᠠᠶᠢᠳᠠᠯ᠎ᠢ ᠮᠡᠳᠡᠭᠳᠡᠵᠦ᠂ ᠳᠠᠷᠠᠭᠠᠴᠢ᠎ᠶᠢᠨ ᠠᠯᠬᠤᠮ᠎ᠤᠨ ᠠᠵᠢᠯ᠎ᠢ ᠰᠤᠳᠤᠯᠤᠨ ᠪᠠᠶᠢᠷᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶᠢᠩᠭᠤ᠎ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠤᠳᠤᠷᠢᠳᠬᠤ ᠳᠤᠭᠤᠶᠢᠯᠠᠩ᠎ᠤᠨ ᠳᠠᠷᠤᠭ᠎ᠠ ᠵᠠᠩ ᠱᠤᠤ ᠴᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ᠎ᠤᠨ ᠤᠳᠤᠷᠢᠳᠬᠤ ᠳᠤᠭᠤᠶᠢᠯᠠᠩ᠎ᠤᠨ ᠳᠡᠳ᠋ ᠳᠠᠷᠤᠭ᠎ᠠ ᠡᠸᠤ ᠶᠠᠩ ᠰᠢᠶᠤᠤ ᠬᠣᠶ ᠬᠤᠷᠠᠯ᠎ᠳ᠋ᠤ ᠣᠷᠣᠯᠴᠠᠭᠰᠠᠨ ᠪᠥᠭᠡᠳ ᠠᠵᠢᠯ᠎ᠤᠨ ᠪᠠᠶᠢᠷᠢᠯᠠᠭᠤᠯᠤᠯᠲᠠ ᠬᠢᠪᠠ᠃

ᠬᠤᠷᠠᠯ᠎ᠡᠴᠠ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ᠎ᠶᠢᠨ ᠵᠣᠭᠰᠣᠴᠠ᠎ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠲᠤᠯᠭᠠᠮ ᠪᠣᠳᠣᠯ᠎ᠢᠶᠡᠨ ᠤᠯᠠᠮ ᠴᠢᠨᠠᠭᠰᠢᠳᠠ ᠴᠢᠩᠭᠠᠳᠬᠠᠵᠤ᠂ ᠨᠠᠩ ᠶᠡᠬᠡ ᠡᠷᠴᠢᠮ ᠪᠠ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠸᠠᠺᠼᠢᠨ᠎ᠤ ᠲᠠᠷᠢᠯᠭ᠎ᠠ᠎ᠶᠢ ᠪᠥᠬᠥ ᠬᠦᠴᠦᠨ᠎ᠢᠶᠠᠷ᠎ᠢᠶᠡᠨ ᠠᠬᠢᠭᠤᠯᠵᠤ᠂ ᠲᠠᠷᠢᠯᠭ᠎ᠠ᠎ᠶᠢᠨ ᠡᠭᠦᠷᠭᠡ᠎ᠶᠢ ᠲᠣᠭᠲᠠᠭᠰᠠᠨ ᠬᠤᠭᠤᠴᠠᠭᠠᠨ᠎ᠳ᠋ᠤ ᠴᠢᠨᠠᠷ ᠰᠠᠶᠢᠲᠠᠶ ᠪᠡᠶᠡᠯᠡᠭᠦᠯᠬᠦ᠎ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠪᠠᠨ ᠤᠯᠠᠮ ᠴᠢᠨᠠᠭᠰᠢᠳᠠ ᠴᠢᠩᠭᠠᠳᠬᠠᠵᠤ᠂ ᠵᠢᠯᠣᠭᠣᠳᠤᠨ ᠲᠣᠬᠢᠷᠠᠭᠤᠯᠬᠤ᠎ᠪᠠᠨ ᠴᠢᠩᠭᠠᠳᠬᠠᠵᠤ᠂ ︽ ᠭᠠᠳᠠᠨ᠎ᠠ᠎ᠡᠴᠠ ᠬᠠᠯᠳᠠᠪᠤᠷᠢᠯᠠᠨ ᠣᠷᠣᠵᠤ ᠢᠷᠡᠬᠦ᠎ᠶᠢ ᠰᠡᠷᠭᠡᠶᠢᠯᠡᠬᠦ ᠂ ᠳᠣᠲᠣᠭᠠᠳᠤ᠎ᠳᠠᠭᠠᠨ ᠳᠠᠬᠢᠨ ᠡᠭᠦᠰᠬᠦ᠎ᠶᠢ ᠰᠡᠷᠭᠡᠶᠢᠯᠡᠬᠦ︾ ᠠᠵᠢᠯ᠎ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ︽ ᠬᠥᠮᠦᠨ᠂ ᠪᠣᠳᠠᠰ᠂ ᠣᠷᠴᠢᠨ ᠲᠣᠭᠣᠷᠢᠨ︾᠎ᠢ ᠵᠡᠷᠭᠡ᠎ᠪᠠᠷ ᠰᠡᠷᠭᠡᠶᠢᠯᠡᠬᠦ᠎ᠶᠢ ᠪᠠᠷᠢᠮᠲᠠᠯᠠᠵᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠶ ᠭᠡᠵᠦ ᠱᠠᠭᠠᠷᠳᠠᠪᠠ᠃

ᠬᠤᠷᠠᠯ᠎ᠡᠴᠠ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠠᠨ ᠡᠪᠡᠳᠴᠢᠨ᠎ᠢ ᠬᠠᠮᠲᠤ᠎ᠪᠠᠷ ᠰᠡᠷᠭᠡᠶᠢᠯᠡᠬᠦ᠎ᠶᠢ ᠪᠠᠷᠢᠮᠲᠠᠯᠠᠵᠤ᠂ ᠬᠤᠯᠤᠭᠠᠨ᠎ᠠ᠎ᠶᠢᠨ ᠬᠢᠵᠢᠭ᠂ ᠪᠣᠭᠣᠮ᠎ᠠ ᠡᠪᠡᠳᠴᠢᠨ ᠵᠡᠷᠭᠡ ᠭᠣᠣᠯᠳᠠᠯᠭ᠎ᠠ᠎ᠲᠠᠢ ᠬᠠᠯᠳᠠᠪᠤᠷᠢᠲᠤ ᠡᠪᠡᠳᠴᠢᠨ ᠪᠣᠯᠤᠨ ᠭᠡᠳᠡᠰᠦ᠂ ᠠᠮᠢᠰᠬᠤᠯ᠎ᠤᠨ ᠵᠠᠮ᠎ᠤᠨ ᠬᠠᠯᠳᠠᠪᠤᠷᠢᠲᠤ ᠡᠪᠡᠳᠴᠢᠨ ᠵᠡᠷᠭᠡ᠎ᠶᠢ ᠰᠡᠷᠭᠡᠶᠢᠯᠡᠨ ᠡᠵᠡᠮᠳᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ᠎ᠤᠨ ᠪᠠᠶᠢᠳᠠᠯ᠎ᠤᠨ ᠳᠠᠪᠬᠤᠴᠠᠬᠤ ᠠᠶᠤᠯ ᠲᠦᠭᠰᠢᠭᠦᠷᠢ᠎ᠶᠢ ᠦᠨᠡᠨ ᠬᠦ ᠪᠠᠭᠠᠰᠬᠠᠵᠤ᠂ ᠬᠢᠯᠪᠠᠷ ᠪᠤᠰᠤ᠎ᠪᠠᠷ ᠣᠯᠤᠭᠰᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ᠎ᠢ ᠰᠠᠶᠢᠲᠤᠷ ᠪᠡᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面