2021-09-03 17:16:09
ᠮᠠᠨ᠎ᠤ ᠤᠷᠤᠨ ᠰᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠢ ᠰᠢᠯᠭᠠᠨ ᠪᠠᠶᠢᠴᠠᠭᠠᠬᠤ ᠲᠥᠷᠥᠯ ᠵᠦᠢᠯ ᠤᠨ ᠦᠨ᠎ᠡ ᠬᠠᠩᠰᠢ᠎ᠳ᠋ᠤ ᠲᠣᠬᠢᠷᠠᠭᠤᠯᠤᠯᠲᠠ ᠬᠢᠪᠡ᠃
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ᠎ᠢ ᠴᠢᠨᠠᠭᠰᠢᠳᠠ ᠰᠠᠶᠢᠲᠤᠷ ᠬᠢᠵᠦ᠂ ᠣᠯᠠᠨ ᠲᠦᠮᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭᠠᠰᠤ᠎ᠶᠢ ᠬᠥᠩᠭᠡᠷᠡᠭᠦᠯᠬᠦ᠎ᠶᠢᠨ ᠲᠥᠯᠥᠭᠡ᠂ ᠮᠠᠨ᠎ᠤ ᠤᠷᠤᠨ ᠰᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠢ ᠰᠢᠯᠭᠠᠨ ᠪᠠᠶᠢᠴᠠᠭᠠᠬᠤ ᠲᠥᠷᠥᠯ ᠵᠦᠢᠯ ᠤᠨ ᠦᠨ᠎ᠡ ᠬᠠᠩᠰᠢ᠎ᠶᠢᠨ ᠲᠥᠷᠥ᠎ᠶᠢᠨ ᠪᠣᠳᠣᠯᠭ᠎ᠠ᠎ᠳ᠋ᠤ ᠲᠣᠬᠢᠷᠠᠭᠤᠯᠤᠯᠲᠠ ᠬᠢᠬᠦ᠎ᠪᠠᠷ ᠲᠣᠭᠲᠠᠵᠤ᠂ ︽ ᠰᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠢ ᠰᠢᠯᠭᠠᠨ ᠪᠠᠶᠢᠴᠠᠭᠠᠬᠤ ᠲᠥᠷᠥᠯ ᠵᠦᠢᠯ᠎ᠤᠨ ᠦᠨ᠎ᠡ ᠬᠠᠩᠰᠢ᠎ᠳ᠋ᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠪᠠᠭᠤᠯᠭᠠᠵᠤ᠂ 9 ᠰᠠᠷ᠎ᠠ᠎ᠶᠢᠨ 1᠎ᠤ ᠡᠳᠦᠷ᠎ᠡᠴᠠ ᠡᠬᠢᠯᠡᠵᠤ ᠬᠡᠷᠡᠭᠵᠢᠬᠦᠯᠪᠡ︕
ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ 1 ᠬᠥᠮᠦᠨ 1 ᠤᠳᠠᠭ᠎ᠠ ᠰᠢᠯᠭᠠᠨ ᠪᠠᠶᠢᠴᠠᠭᠠᠬᠤ ᠲᠥᠷᠥᠯ ᠵᠦᠢᠯ᠎ᠤᠨ ᠦᠨ᠎ᠡ ᠬᠠᠩᠰᠢ᠎ᠶᠢ 60 ᠲᠥᠭᠥᠷᠢᠭ\ ᠬᠥᠮᠦᠨ ︵ ᠤᠳᠠᠭ᠎ᠠ︶ ᠪᠣᠯᠭᠠᠨ ᠳᠣᠭᠢᠷᠠᠭᠤᠯᠵᠤ᠂ ᠰᠦᠢᠳᠬᠡᠯ ᠬᠤᠷᠢᠶᠠᠬᠤ ᠪᠠᠷᠢᠮᠵᠢᠶ᠎ᠠ᠎ᠳ᠋ᠤ ᠬᠠᠮᠢᠶ᠎ᠠ ᠪᠥᠬᠥᠶ ᠬᠣᠷᠣᠭᠳᠠᠯ ᠮᠠᠲ᠋ᠧᠷᠢᠶᠠᠯ᠂ ᠤᠷᠪᠠᠯᠵᠢ ᠠᠪᠬᠤ ᠵᠡᠷᠭᠡ ᠵᠠᠷᠤᠳᠠᠯ᠎ᠢ ᠪᠠᠭᠲᠠᠭᠠᠨ᠎ᠠ᠃
10 ᠬᠦᠮᠦᠨ᠎ᠢ ᠨᠡᠢᠯᠡᠬᠦᠯᠤᠨ 1 ᠤᠳᠠᠭ᠎ᠠ ᠪᠠᠢᠴᠠᠭᠠᠬᠤ ᠬᠣᠯᠢᠮᠠᠭ ᠰᠢᠯᠭᠠᠨ ᠪᠠᠶᠢᠴᠠᠭᠠᠯᠳᠠ ᠪᠠ 5 ᠬᠦᠮᠦᠨ᠎ᠢ ᠨᠡᠢᠯᠡᠬᠦᠯᠤᠨ 1 ᠤᠳᠠᠭ᠎ᠠ ᠪᠠᠢᠴᠠᠭᠠᠬᠤ ᠬᠣᠯᠢᠮᠠᠭ ᠰᠢᠯᠭᠠᠨ ᠪᠠᠶᠢᠴᠠᠭᠠᠯᠳᠠ᠎ᠳ᠋ᠤ 15 ᠲᠥᠭᠥᠷᠢᠭ\ ᠬᠥᠮᠦᠨ ︵ ᠤᠳᠠᠭ᠎ᠠ︶ ᠪᠠ 25 ᠲᠥᠭᠥᠷᠢᠭ\ ᠬᠥᠮᠦᠨ ︵ ᠤᠳᠠᠭ᠎ᠠ︶ ᠰᠦᠢᠳᠬᠡᠯ ᠬᠤᠷᠢᠶᠠᠬᠤ ᠪᠠᠷᠢᠮᠵᠢᠶ᠎ᠠ᠎ᠶᠢ ᠦᠷᠭᠦᠯᠵᠢᠯᠡᠨ ᠬᠡᠷᠡᠭᠵᠢᠭᠦᠯᠦᠨ᠎ᠡ᠃
ᠪᠤᠰᠤᠳ ᠲᠥᠷᠥ᠎ᠶᠢᠨ ᠪᠣᠳᠣᠯᠭ᠎ᠠ᠎ᠶᠢ ᠮᠥᠨ ᠬᠦ ︽ ᠰᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠰᠢᠯᠭᠠᠨ ᠪᠠᠶᠢᠴᠠᠭᠠᠯᠲᠠ᠎ᠶᠢᠨ ᠬᠣᠯᠪᠣᠭᠳᠠᠯ ᠪᠥᠬᠥᠶ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ ᠥᠪᠥᠷ ᠮᠤᠩᠭᠤᠯ ᠡᠮᠴᠢᠯᠡᠭᠡᠨ᠎ᠤ ᠳᠠᠭᠠᠳᠬᠠᠯ ᠠᠯᠪᠠᠨ ᠭᠡᠷ ᠲᠠᠷᠬᠠᠭᠠᠭᠰᠠᠨ [2020] 13 ᠲᠣᠭᠠᠲᠤ︶᠎ᠤᠨ ᠶᠣᠰᠣᠭᠠᠷ ᠬᠡᠷᠡᠭᠵᠢᠭᠦᠯᠦᠨ᠎ᠡ᠃
ᠢᠷᠡᠯᠳᠡ᠄ ᠥᠪᠦᠷ ᠮᠤᠩᠭᠤᠯ᠎ᠤᠨ ᠦᠷᠯᠦᠬᠡ᠎ᠶᠢᠨ ᠮᠡᠳᠡᠭᠡ ᠪᠢᠴᠢᠯ ᠪᠦᠷᠭᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃