ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-10-02 09:48:04

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

ᠲᠦᠷᠦᠭᠦᠭᠡᠨ ᠂ ᠬᠥᠬᠡᠬᠣᠲᠠ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ᠎ᠬᠢᠨ ︽ ᠡᠷᠡᠭᠦᠯ ᠮᠡᠨᠳᠦ᠎ᠶᠢᠨ ᠺᠣᠳ᠋ ᠪᠠ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠭᠰᠡᠨ ᠭᠡᠷᠡᠴᠢ ᠪᠠᠷᠢᠮᠲᠠ᠎ᠶᠢ ᠪᠠᠶᠢᠴᠠᠭᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ ︾ ︵ ᠲᠤᠤᠷ᠎ᠠ ︽ ᠮᠡᠳᠡᠭᠳᠡᠯ ︾ ᠭᠡᠵᠤ ᠲᠦᠬᠦᠮᠴᠢᠯᠡᠨ᠎ᠠ ︶ ᠨᠡᠢᠳᠡᠯᠡᠪᠡ ᠃

︽ ᠮᠡᠳᠡᠭᠳᠡᠯ ︾᠎ᠳ᠋ᠤ ᠂ ᠣᠳᠣᠬᠠᠨ᠎ᠳ᠋ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ ᠂ ︽ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠶᠢᠯᠡᠨ ᠵᠠᠰᠠᠬᠤ ᠬᠠᠤᠯᠢ ︾ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ︽ ᠬᠥᠬᠡᠭᠴᠢᠨ ᠲᠥᠷᠥᠯ᠎ᠤᠨ ᠬᠠᠯᠳᠠᠪᠤᠷᠢᠲᠤ ᠡᠪᠡᠳᠴᠢᠨ᠎ᠢ ᠬᠥᠬᠡ ᠲᠥᠷᠥᠯ᠎ᠤᠨ ᠬᠠᠮᠢᠶᠠᠷᠤᠯᠲᠠ᠎ᠪᠠᠷ ᠯᠠᠪᠯᠠᠯᠲᠠ ᠪᠣᠯᠭᠠᠬᠤ ︾ ᠬᠠᠮᠢᠶ᠎ᠠ ᠪᠥᠬᠥᠶ ᠱᠠᠭᠠᠷᠳᠠᠯᠭ᠎ᠠ ᠶᠣᠰᠣᠭᠠᠷ ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠬᠤ ᠪᠣᠯ ᠡᠷᠭᠡᠳᠦ ᠠᠷᠠᠳ ᠨᠢᠭᠡᠪᠦᠷᠢ᠎ᠶᠢᠨ ᠭᠦᠢᠴᠡᠳᠬᠡᠪᠡᠰᠦ ᠵᠣᠬᠢᠬᠤ ᠡᠬᠦᠷᠭᠡ ᠬᠠᠷᠢᠭᠤᠴᠠᠯᠭ᠎ᠠ ᠮᠥᠨ ᠂ ᠲᠠᠷᠢᠯᠭ᠎ᠠ ᠲᠠᠷᠢᠬᠤ᠎ᠳ᠋ᠤ ᠬᠣᠷᠢᠭ᠎ᠠ ᠴᠡᠭᠡᠷ ᠥᠬᠡᠶ ᠬᠥᠮᠦᠰ ︽ ᠲᠠᠷᠢᠯᠭ᠎ᠠ ᠲᠠᠷᠢᠬᠤ ᠶᠣᠰᠣᠲᠠᠶ᠎ᠶᠢ᠎ᠨᠢ ᠪᠦᠬᠦᠨ᠎ᠢ ᠲᠠᠷᠢᠬᠤ ︾᠎ᠶᠢ ᠪᠡᠶᠡᠯᠡᠬᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ ᠃

︽ ᠮᠡᠳᠡᠭᠳᠡᠯ ︾᠎ᠳ᠋ᠤ ᠂ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠂ ᠵᠢᠭᠤᠯᠴᠢᠯᠠᠯ᠎ᠤᠨ ᠦᠵᠡᠮᠵᠢ᠎ᠶᠢᠨ ᠣᠷᠣᠨ ᠂ ᠵᠤᠭ᠎ᠠ ᠴᠡᠩᠭᠡᠯ᠎ᠤᠨ ᠭᠠᠵᠠᠷ ᠂ ᠺᠢᠨᠣ᠋ ᠲᠢᠶᠠᠲ᠋ᠷ ᠂ ᠰᠣᠶᠣᠯ᠎ᠤᠨ ᠣᠷᠳᠣᠨ ᠂ ᠨᠣᠮ᠎ᠤᠨ ᠰᠠᠩ ᠂ ᠪᠠᠭᠤᠳᠠᠯ ᠂ ᠳᠡᠯᠭᠡᠭᠦᠷ ᠂ ᠡᠮᠴᠢᠯᠡᠭᠡᠨ᠎ᠤ ᠪᠠᠶᠢᠭᠤᠯᠤᠮᠵᠢ ᠂ ᠠᠵᠢᠯᠯᠠᠬᠤ ᠭᠠᠵᠠᠷ ᠂ ᠭᠠᠵᠠᠷ ᠳᠣᠣᠷᠠᠬᠢ ᠲᠡᠮᠦᠷ ᠵᠠᠮ ᠵᠡᠷᠭᠡ ᠣᠯᠠᠨ ᠨᠡᠶᠢᠲᠡ᠎ᠶᠢᠨ ᠲᠠᠯᠠᠪᠤᠷ ᠵᠢᠴᠢ ᠰᠠᠭᠤᠭᠠᠯᠢ ᠠᠷᠠᠳ᠎ᠤᠨ ᠲᠣᠭᠣᠷᠢᠭ ︽ ᠬᠡᠨ ᠭᠤᠤᠯᠯᠠᠨ ᠡᠷᠭᠢᠯᠡᠪᠡᠯ ︵ ᠬᠠᠮᠢᠶᠠᠷᠬᠤ ︶ ᠬᠡᠨ ᠬᠠᠷᠢᠭᠤᠴᠠᠬᠤ ︾ ᠵᠠᠷᠴᠢᠮ ᠶᠤᠰᠤᠭᠠᠷ ᠂ ᠲᠤᠰᠬᠠᠶ ᠬᠥᠮᠦᠨ ᠲᠣᠬᠢᠷᠠᠭᠤᠯᠤᠨ ᠣᠷᠣᠵᠤ ᠭᠠᠷᠬᠤ ᠬᠥᠮᠦᠰ᠎ᠤᠨ ᠡᠷᠡᠭᠦᠯ ᠮᠡᠨᠳᠦ᠎ᠶᠢᠨ ᠺᠣᠳ᠋ ᠪᠣᠯᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠭᠰᠡᠨ ᠭᠡᠷᠡᠴᠢ ᠪᠠᠷᠢᠮᠳᠠ᠎ᠶᠢᠨ ︽ ᠬᠣᠶᠠᠷ ᠺᠣᠳ᠋ ︾᠎ᠢ ᠬᠠᠮᠲᠤᠷᠠᠨ ᠪᠠᠶᠢᠴᠠᠭᠠᠨ᠎ᠠ ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠳᠠᠷᠢᠭᠤᠯᠤᠭᠰᠠᠨ ᠥᠬᠡᠶ ᠬᠥᠮᠦᠰ᠎ᠤᠨ ᠣᠪᠣᠭ ᠨᠡᠷ᠎ᠡ ᠂ ᠤᠲᠠᠰᠤ ᠪᠠ ᠰᠠᠭᠤᠭ᠎ᠠ ᠬᠠᠢᠭ᠎ᠢ ᠬᠢᠨᠠᠨ ᠬᠠᠷᠭᠤᠭᠤᠯᠵᠤ ᠲᠡᠮᠳᠡᠭᠯᠡᠬᠦ ᠬᠡᠷᠡᠭᠲᠡᠶ ᠂ ᠵᠠᠷᠴᠢᠮ ᠳᠡᠭᠡᠷ᠎ᠡ᠎ᠪᠠᠨ ᠳᠡᠭᠡᠷ᠎ᠡ ᠳᠤᠷᠠᠳᠤᠭᠰᠠᠨ ᠲᠠᠯᠠᠪᠤᠷ᠎ᠲᠤ ᠣᠷᠣᠵᠤ ᠪᠣᠯᠬᠤ ᠦᠭᠡᠶ ︵ ᠲᠠᠷᠢᠯᠭ᠎ᠠ ᠲᠠᠷᠢᠬᠤ᠎ᠳ᠋ᠤ ᠴᠡᠭᠡᠷ᠎ᠲᠠᠢ ᠭᠡᠷᠡᠴᠢ᠎ᠲᠠᠢ \ ᠡᠪᠡᠳᠴᠢᠨ ᠡᠮᠭᠡᠭ᠎ᠢᠶᠠᠷ ᠤᠨᠤᠰᠢᠯᠠᠭᠰᠠᠨ ᠬᠦᠮᠦᠰ᠎ᠢ ᠪᠠᠭᠳᠠᠭᠠᠬᠤ ᠦᠭᠡᠢ ︶ ᠭᠡᠵᠤ ᠲᠤᠳᠤᠷᠬᠠᠢᠯᠡᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面