2021-10-16 08:44:05
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠨᠡᠶᠢᠲᠡᠯᠡᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ 10 ᠰᠠᠷ᠎ᠠ᠎ᠶᠢᠨ 14᠎ᠤ ᠡᠳᠦᠷ ᠪᠣᠯᠲᠠᠯ᠎ᠠ ᠂ ᠪᠥᠬᠥ ᠤᠯᠤᠰ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ 22.27 ᠳ᠋ᠦᠩᠰᠢᠭᠤᠷ ᠤᠳᠠᠭ᠎ᠠ ᠳᠠᠷᠢᠭᠤᠯᠤᠭᠰᠠᠨ ᠪᠠᠢᠨ᠎ᠠ᠃
ᠨᠠᠮᠤᠷ ᠡᠪᠦᠯ᠎ᠤᠨ ᠤᠯᠠᠷᠢᠯ ᠬᠦᠷᠴᠦ ᠢᠷᠡᠬᠦ᠎ᠶᠢ ᠳᠠᠭᠠᠯᠳᠤᠨ᠂ ᠣᠶᠢᠷ᠎ᠠ᠎ᠶᠢᠨ ᠬᠤᠭᠤᠴᠠᠭᠠᠨ᠎ᠳ᠋ᠤ ᠣᠯᠠᠨ ᠭᠠᠵᠠᠷ᠎ᠤᠨ᠎ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠴᠢᠩᠭᠠᠳᠬᠠᠬᠤ ᠲᠠᠷᠢᠯᠭ᠎ᠠ᠎ᠶᠢ ᠲᠠᠷᠢᠵᠦ ᠡᠬᠢᠯᠡᠭᠰᠡᠨ ᠪᠠᠢᠨ᠎ᠠ᠃
ᠶᠠᠮᠠᠷ ᠬᠥᠮᠦᠰ ᠴᠢᠩᠭᠠᠳᠬᠠᠬᠤ ᠲᠠᠷᠢᠯᠭ᠎ᠠ᠎ᠶᠢ ᠲᠠᠷᠢᠵᠤ ᠪᠣᠯᠬᠤ ᠪᠣᠶ︖
ᠡᠨᠡ ᠵᠢᠯ᠎ᠤᠨ 9 ᠰᠠᠷ᠎ᠠ᠎ᠳ᠋ᠤ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ᠎ᠶᠢᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠸᠠᠩ ᠬᠤᠸᠠ ᠴᠢᠩ ᠂ ᠭᠤᠷᠪᠠᠨ ᠲᠥᠷᠥᠯ᠎ᠤᠨ ᠭᠤᠤᠯᠳᠠᠯᠭ᠎ᠠ᠎ᠲᠠᠢ ᠬᠥᠮᠦᠰ᠎ᠲᠤ ᠲᠠᠷᠢᠯᠭ᠎ᠠ ᠬᠢᠬᠦ᠎ᠶᠢ ᠴᠢᠩᠭᠠᠳᠬᠠᠬᠤ ᠲᠤᠬᠠᠶ ᠰᠠᠨᠠᠭᠤᠯᠭ᠎ᠠ ᠭᠠᠷᠭᠠᠪᠠ᠃
· ᠪᠣᠭᠣᠮᠲᠠ᠂ ᠲᠤᠰᠠᠭᠠᠷᠯᠠᠬᠤ ᠲᠠᠯᠠᠪᠤᠷ ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶᠢᠭᠤᠯᠤᠮᠵᠢ᠎ᠳ᠋ᠤ ᠠᠵᠢᠯᠯᠠᠵᠤ ᠪᠠᠶᠢᠭ᠎ᠠ ᠬᠥᠮᠦᠰ
· ᠸᠢᠷᠦ᠋ᠰ᠎ᠤᠨ ᠲᠦᠭᠰᠢᠭᠦᠷᠢ᠎ᠪᠠᠷ ᠨᠡᠯᠢᠶᠡᠳ ᠶᠡᠬᠡ ᠬᠥᠮᠦᠰ᠎ᠲᠠᠢ ᠣᠶᠢᠷᠠᠲᠤᠭᠰᠠᠨ ᠬᠦᠮᠦᠰ
· ᠡᠭᠡᠯᠢᠯᠡᠭᠡ᠎ᠶᠢᠨ ᠴᠢᠳᠠᠮᠵᠢ ᠳᠤᠲᠠᠮᠠᠭ ᠪᠤᠶᠤ ᠳᠤᠤᠷ᠎ᠠ ᠬᠥᠮᠦᠰ
· ᠬᠡᠰᠡᠭ 60 ᠨᠠᠰᠤᠨ᠎ᠡᠴᠠ ᠳᠡᠭᠡᠭᠰᠢᠬᠢ ᠬᠥᠮᠦᠰ ᠵᠢᠴᠢ ᠭᠠᠳᠠᠭᠠᠳᠤ᠎ᠳ᠋ᠤ ᠭᠠᠷᠴᠤ ᠰᠤᠷᠤᠯᠴᠠᠨ ᠠᠵᠢᠯᠯᠠᠵᠤ ᠰᠣᠯᠢᠯᠴᠠᠬᠤ ᠬᠥᠮᠦᠰ
· ᠢᠯᠠᠩᠭᠤᠶ᠎ᠠ ᠬᠢᠵᠢᠭ᠎ᠤᠨ ᠪᠠᠢᠳᠠᠯ ᠦᠷᠭᠦᠯᠵᠢᠯᠡᠨ ᠳᠡᠯᠭᠡᠷᠡᠵᠦ ᠪᠠᠢᠭ᠎ᠠ ᠤᠯᠤᠰ ᠣᠷᠣᠨ᠎ᠳ᠋ᠤ ᠤᠴᠢᠬᠤ ᠬᠥᠮᠦᠰ᠃
ᠨᠠᠰᠤᠨ᠎ᠤ ᠬᠢᠵᠠᠭᠠᠷᠯᠠᠯ᠎ᠤᠨ ᠲᠠᠯ᠎ᠠ᠎ᠪᠠᠷ᠂ ᠣᠯᠠᠩᠬᠢ ᠭᠠᠵᠠᠷ ᠣᠷᠣᠨ᠎ᠨᠢ ᠲᠣᠰ ᠤᠳᠠᠭᠠᠨ᠎ᠤ ᠴᠢᠩᠭᠠᠳᠬᠠᠬᠤ ᠲᠠᠷᠢᠯᠭ᠎ᠠ ᠲᠠᠷᠢᠬᠤ ᠬᠦᠮᠦᠰ᠎ᠢ ᠭᠤᠤᠯᠳᠠᠭᠤ ᠸᠠᠺᠼᠢᠨ᠎ᠤ ᠲᠠᠷᠢᠯᠭ᠎ᠠ ᠬᠢᠭᠡᠳ ᠪᠦᠬᠦᠯᠢ 6 ᠰᠠᠷ᠎ᠠ ᠪᠣᠯᠤᠭᠰᠠᠨ 18 ᠨᠠᠰᠤᠨ᠎ᠡᠴᠠ ᠳᠡᠭᠡᠭᠰᠢᠬᠢ ᠬᠥᠮᠦᠰ᠎ᠢᠶᠠᠷ ᠲᠣᠭᠲᠠᠭᠠᠵᠠᠶ᠃ ᠡᠬᠦᠨ᠎ᠡᠴᠠ ᠭᠠᠳᠠᠨ᠎ᠠ ᠠᠨᠾᠦᠢᠢᠶᠢᠨ ᠦ᠋ ᠬᠤ᠂ ᠹᠦᠵᠢᠶᠠᠨ᠎ᠤ ᠰᠢᠶᠠᠮᠧᠨ ᠵᠡᠷᠭᠡ ᠭᠠᠵᠠᠷ ᠣᠷᠣᠨ᠎ᠳ᠋ᠤ ᠪᠠᠰᠠ ᠪᠦᠬᠦᠯᠢ 12 ᠨᠠᠰᠤᠨ᠎ᠡᠴᠠ ᠳᠡᠭᠡᠭᠰᠢᠬᠢ ᠢᠳᠡᠪᠬᠢ ᠥᠬᠡᠶᠢᠳᠡᠭᠦᠯᠬᠦ ᠸᠠᠺᠼᠢᠨ᠎ᠢ ᠳᠠᠷᠢᠭᠤᠯᠤᠭᠰᠠᠨ ᠪᠠᠶᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃