ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-10-26 13:15:59

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

(2021 ᠣᠨ᠎ᠤ 46 ᠳ᠋ᠤᠭᠠᠷ ᠲᠣᠭᠠᠲᠤ )

ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠬᠣᠯᠪᠣᠭ᠍ᠳᠠᠯ ᠪᠥᠬᠥᠶ ᠲᠣᠭ᠍ᠲᠠᠭᠠᠯ ᠶᠣᠰᠣᠭᠠᠷ᠂ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠶᠡᠷᠦᠩᠬᠡᠢᠯᠡᠨ ᠦᠨᠡᠯᠡᠨ ᠵᠢᠱ᠌ᠢᠵᠦ᠍ ᠰᠤᠳᠤᠯᠤᠨ ᠮᠠᠭᠠᠳᠯᠠᠬᠤ᠎ᠪᠠᠷ ᠳᠡᠮᠵᠢᠨ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠠᠴᠠ 2021 ᠣᠨ᠎ᠤ 10 ᠰᠠᠷ᠎ᠠ᠎ᠶ᠋ᠢᠨ 24᠎ᠦ ᠡᠳᠦᠷ᠎ᠦᠨ 21 ᠴᠠᠭ᠎ᠠᠴᠠ ᠡᠬᠢᠯᠡᠨ᠂ ᠵᠢᠨᠴᠤᠸᠠᠨ ᠨᠡᠭᠡᠭᠡᠯᠲᠡ᠎ᠶ᠋ᠢᠨ ᠣᠷᠣᠨ᠎ᠤ ᠪᠢ ᠱᠦᠶ ᠯᠠᠨ ᠱᠠᠨ ᠰᠠᠭᠤᠭᠠᠯᠢ ᠲᠣᠭᠣᠷᠢᠭ᠂ ᠱᠢᠨ᠎ᠡ ᠬᠣᠲᠠ ᠲᠣᠭᠣᠷᠢᠭ᠎ᠤᠨ ᠬᠤᠸᠠ ᠴᠢᠶᠤᠤ ᠰᠢᠨ ᠼᠦᠨ ᠰᠠᠭᠤᠭᠠᠯᠢ ᠲᠣᠭᠣᠷᠢᠭ᠎ᠢ ᠳᠤᠮᠳᠠ ᠵᠡᠷᠬᠡ ᠵᠢᠨ ᠲᠦᠭ᠌ᠰᠢᠭᠦᠷᠢᠲᠡᠶ ᠭᠠᠵᠠᠷ ᠣᠷᠣᠨ ᠪᠣᠯᠭᠠᠬᠤ᠎ᠪᠠᠷ ᠰᠤᠳᠤᠯᠤᠨ ᠲᠣᠭ᠍ᠲᠠᠭᠠᠪᠠ᠃

ᠥᠷᠭᠡᠨ ᠣᠯᠠᠨ ᠬᠣᠲᠠ᠎ᠶ᠋ᠢᠨ ᠠᠷᠠᠳ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠤᠬᠠᠮᠰᠠᠷ᠎ᠢᠶᠠᠨ ᠴᠢᠩᠭᠠᠳᠭᠠᠵᠤ᠂ ᠬᠤᠪᠢ ᠬᠥᠮᠦᠨ᠎ᠦ ᠰᠡᠷᠭᠡᠢᠯᠡᠯᠲᠡ ᠬᠠᠮᠠᠭᠠᠯᠠᠯᠲᠠ᠎ᠪᠠᠨ ᠴᠢᠩᠭᠠᠳᠭᠠᠵᠤ᠂ ᠠᠮᠠᠪᠴᠢ ᠵᠡᠭᠦᠬᠦ᠌᠂ ᠭᠠᠷ᠎ᠢᠶᠠᠨ ᠦᠷᠭᠦᠯᠵᠢ ᠤᠬᠢᠶᠠᠬᠤ ᠂ ᠦᠷᠭᠦᠯᠵᠢ ᠰᠠᠯᠬᠢ ᠨᠡᠪᠲᠡᠷᠡᠭᠦᠯᠬᠦ᠌᠂ ᠴᠤᠭ᠍ᠯᠠᠷᠠᠬᠤ ᠥᠬᠡᠶ᠂ 《ᠨᠢᠭᠡ ᠮᠧᠲ᠋ᠷ᠎ᠦᠨ ᠱᠤᠭᠤᠮ》᠎ᠢ ᠪᠠᠳᠤᠯᠠᠬᠤ᠂ ᠨᠡᠢᠲᠡ᠎ᠶ᠋ᠢᠨ ᠰᠠᠪᠬ᠎ᠠ ᠬᠡᠷᠡᠭ᠌ᠯᠡᠬᠦ᠌ ᠵᠡᠷᠭᠡ ᠰᠠᠢᠨ ᠰᠠᠢᠬᠠᠨ ᠠᠮᠢᠳᠤᠷᠠᠯ᠎ᠤᠨ ᠳᠠᠳᠭᠠᠯ ᠲᠠᠢ ᠪᠠᠢᠭᠠᠷᠠᠢ᠃ ᠣᠢᠷ᠎ᠠ᠎ᠶ᠋ᠢᠨ 14 ᠡᠳᠦᠷ ᠬᠢᠵᠢᠭ᠎ᠲᠦ ᠬᠣᠯᠪᠣᠭ᠍ᠳᠠᠭ᠍ᠰᠠᠨ ᠭᠠᠵᠠᠷ ᠣᠷᠣᠨ᠎ᠳᠤ ᠵᠢᠭᠤᠯᠴᠢᠯᠠᠭ᠍ᠰᠠᠨ ᠬᠥᠮᠦᠰ ᠰᠠᠨᠠᠭᠠᠴᠢᠯᠠᠭ᠎ᠠ᠎ᠠᠴᠠ᠎ᠪᠠᠨ ᠨᠡᠢᠭᠡᠮ ᠲᠣᠭᠣᠷᠢᠭ(ᠲᠣᠰᠭᠣᠨ)᠂ ᠨᠢᠭᠡᠴᠢ᠂ ᠪᠠᠢᠭ᠎ᠠ ᠪᠠᠭᠤᠳᠠᠯ(ᠵᠣᠴᠢᠳ᠎ᠤᠨ ᠪᠠᠭᠤᠳᠠᠯ) ᠳ᠋ᠠᠭᠠᠨ ᠮᠡᠳᠡᠭᠦᠯᠵᠦ᠍᠂ ᠰᠢᠭᠰᠢᠨ ᠪᠠᠢᠴᠠᠭᠠᠯᠳᠠ᠂ ᠡᠷᠡᠭᠦᠯ ᠮᠡᠨᠳᠦ᠍᠎ᠶ᠋ᠢᠨ ᠬᠢᠨᠠᠨ ᠪᠠᠢᠴᠠᠭᠠᠯᠳᠠ᠂ ᠲᠤᠰᠠᠭᠠᠷᠯᠠᠯᠳᠠ᠂ ᠪᠥᠭᠡᠮ ᠬᠦᠴᠢᠯ᠎ᠦᠨ ᠰᠢᠯᠭᠠᠨ ᠪᠠᠢᠴᠠᠭᠠᠯᠳᠠ ᠬᠢᠬᠦ ᠵᠡᠷᠭᠡ ᠠᠵᠢᠯ᠎ᠢ ᠬᠠᠮᠵᠢᠯᠴᠠᠨ ᠰᠠᠢᠲᠤᠷ ᠬᠢᠬᠦ᠌ ᠬᠡᠷᠡᠭ᠌ᠲᠡᠶ᠃

ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠦᠨ

ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ

2021 ᠤᠨ᠎ᠤ 10 ᠰᠠᠷ᠎ᠠ ᠵᠢᠨ 25᠎ᠤ ᠡᠳᠦᠷ

ᠢᠷᠡᠯᠳᠡ᠄ ᠬᠦᠬᠡᠬᠤᠳᠠ ᠵᠢᠨ ᠰᠤᠨᠢᠨ ᠮᠡᠳᠡᠬᠡ ᠵᠢᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面