ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-10-26 09:47:06

ᠵᠣᠬᠢᠶᠠᠭ᠍ᠴᠢ᠄ ᠼᠠᠢ ᠬᠤᠡᠭ ᠭᠤᠤ ᠬᠤᠡᠭ ᠯᠢᠶᠠᠨ ᠣᠩᠱᠢᠭ᠍ᠰᠠᠨ ᠣᠳᠠᠭ᠎ᠠ᠄ 3

ᠬᠥᠬᠡᠬᠣᠲᠠ᠎ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠵᠢᠨ ᠲᠤᠪᠴᠢᠶ᠎ᠠ ᠡᠴᠡ ᠤᠢᠯᠠᠭᠠᠭᠰᠠᠨ᠎ᠵᠢᠡᠷ᠂ ᠣᠳᠣᠬᠠᠨ᠎ᠳᠤ᠂ ᠬᠥᠬᠡᠬᠣᠲᠠ᠎ᠶ᠋ᠢᠨ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯ᠎ᠦᠨ ᠪᠠᠷᠠᠭᠠᠨ᠎ᠤ ᠢᠷᠡᠯᠲᠡ ᠭᠦᠶ᠋ᠴᠡᠳ᠂ ᠬᠠᠩᠭᠠᠯᠭ᠎ᠠ ᠲᠣᠭ᠍ᠲᠠᠭᠤᠨ ᠪᠠᠢᠵᠤ᠂ ᠣᠯᠠᠨ ᠲᠦᠮᠡᠨ᠎ᠦ ᠡᠳᠦᠷ ᠲᠤᠲᠤᠮ᠎ᠤᠨ ᠠᠮᠢᠳᠤᠷᠠᠯ᠎ᠤᠨ ᠬᠡᠷᠡᠭ᠌ᠯᠡᠭᠡ᠎ᠶ᠋ᠢ ᠪᠦᠷᠢᠮᠦᠰᠦᠨ ᠬᠠᠩᠭᠠᠵᠤ ᠴᠢᠳᠠᠨ᠎ᠠ᠃ ᠮᠧᠶ ᠲᠦᠩ ᠵᠡᠷᠭᠡ ᠲᠠᠷᠢᠶᠠᠯᠠᠩ᠎ᠤᠨ ᠪᠦᠲᠦᠭᠡᠭᠳᠡᠭᠦᠨ᠎ᠢ ᠪᠥᠭᠡᠮ᠎ᠢᠶᠡᠷ ᠪᠤᠷᠤᠯᠠᠭᠤᠯᠬᠤ 4 ᠶᠡᠬᠡ ᠵᠠᠬ᠎ᠠ ᠳᠡᠯᠭᠡᠭᠦᠷ᠎ᠦᠨ ᠬᠢᠨᠠᠨ ᠬᠡᠮᠵᠢᠯᠲᠡ᠎ᠶ᠋ᠢ ᠦᠨᠳᠦᠰᠦᠯᠡᠪᠡᠯ᠂ ᠡᠳᠦᠷ ᠪᠦᠷᠢ᠎ᠶ᠋ᠢᠨ ᠢᠳᠡᠱᠢᠨ ᠨᠣᠭᠣᠭ᠎ᠠ᠎ᠶ᠋ᠢ ᠵᠠᠬ᠎ᠠ ᠳᠡᠯᠭᠡᠭᠦᠷ᠎ᠲᠦ ᠭᠠᠷᠭᠠᠬᠤ ᠬᠡᠮᠵᠢᠶ᠎ᠡ 1500 ᠲᠣᠨ᠎ᠠᠴᠠ ᠳᠡᠭᠡᠭ᠌ᠰᠢ ᠪᠠᠢᠵᠤ᠂ ᠬᠠᠩᠭᠠᠯᠭ᠎ᠠ ᠭᠦᠢᠴᠡᠳ ᠪᠠᠢᠨ᠎ᠠ ; ᠭᠤᠯᠢᠷ ᠠᠮᠤ ᠲᠤᠰᠤᠨ᠎ᠤ ᠨᠥᠭᠡᠴᠡ ᠰᠠᠭᠤᠭᠠᠯᠢ ᠠᠷᠠᠳ᠎ᠤᠨ ᠬᠡᠪ᠎ᠦᠨ ᠬᠡᠷᠡᠭ᠌ᠯᠡᠭᠡ᠎ᠶ᠋ᠢ 3 ᠰᠠᠷ᠎ᠠ᠎ᠠᠴᠠ ᠳᠡᠭᠡᠭ᠌ᠰᠢ ᠬᠠᠩᠭᠠᠵᠦ᠂ ᠮᠢᠬ᠎ᠠ ᠥᠨᠳᠡᠭᠡ ᠰᠦ᠋᠎ᠵᠢᠨ ᠨᠥᠭᠡᠴᠡ ᠨᠢ ᠬᠡᠪ᠎ᠦᠨ ᠬᠡᠷᠡᠭᠯᠡᠭᠡ᠎ᠶ᠋ᠢ 20 ᠡᠳᠦᠷ᠎ᠡᠴᠡ ᠳᠡᠭᠡᠭ᠌ᠰᠢ ᠬᠠᠩᠭᠠᠵᠦ ᠳᠡᠢᠯᠦᠨ᠎ᠡ᠃ ᠬᠥᠬᠡᠬᠣᠲᠠ᠎ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠵᠢᠨ ᠲᠤᠪᠴᠢᠶ᠎ᠠ ᠬᠣᠲᠠ᠎ᠶ᠋ᠢᠨ ᠠᠷᠠᠳ᠎ᠢ ᠣᠶᠤᠨᠴᠢ ᠎ᠪᠠᠷ ᠬᠡᠷᠡᠭ᠌ᠯᠡᠭᠡ ᠬᠢᠵᠦ᠍᠂ ᠬᠡᠷᠡᠭ᠌ᠴᠡᠭᠡ᠎ᠪᠡᠨ ᠦᠨᠳᠦᠰᠦᠯᠡᠨ ᠬᠤᠳᠠᠯᠳᠤᠨ ᠠᠪᠴᠤ᠌᠂ ᠪᠦᠷᠢᠯᠭᠡᠨ ᠰᠦᠶ᠋ᠳᠭᠡᠬᠦ᠌᠎ᠡᠴᠡ ᠵᠠᠢᠯᠠᠰᠭᠢᠬᠦ᠌᠎ᠬᠡᠷᠡᠭᠲᠡᠢ ᠭᠡᠵᠦ ᠰᠠᠨᠠᠭᠤᠯᠵᠦ ᠪᠤᠢ᠃

ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ ᠵᠢᠨ᠎ᠰᠠᠯᠠᠭ᠎ᠠ ᠮᠦᠴᠢᠷ ᠠᠮᠤ ᠲᠣᠰᠣ ᠮᠢᠬ᠎ᠠ ᠨᠣᠭᠣᠭ᠎ᠠ ᠥᠨᠳᠡᠭᠡ ᠰᠦ᠋᠎ᠵᠡᠷᠭᠡ ᠴᠢᠬᠤᠯᠠ ᠠᠷᠠᠳ᠎ᠤᠨ ᠠᠮᠢᠳᠤᠷᠠᠯ᠎ᠤᠨ ᠲᠠᠸᠠᠷ᠎ᠤᠨ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠠᠩᠭᠠᠯᠭ᠎ᠠ᠎ᠶ᠋ᠢ ᠪᠠᠲᠤᠯᠠᠨ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠰᠠᠢᠲᠤᠷ ᠬᠢᠵᠦ ᠪᠠᠢᠨ᠎ᠠ᠃ ᠬᠥᠬᠡᠬᠣᠲᠠ᠎ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠵᠢᠨ ᠡᠯ᠎ᠡ ᠰᠠᠯᠠᠭ᠎ᠠ ᠮᠥᠴᠢᠷ ᠲᠤᠰ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠲᠠᠷᠢᠶᠠᠯᠠᠩ᠎ᠤᠨ ᠲᠤᠰᠠᠯᠠᠬᠤ ᠪᠦᠲᠦᠭᠡᠭ᠌ᠳᠡᠬᠦᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠵᠢᠨ ᠬᠢᠨᠠᠯᠲᠠ ᠬᠠᠮᠢᠶᠠᠷᠤᠯᠲᠠ ᠶ᠋ᠢ ᠦᠨᠡᠨ ᠬᠦ᠌ ᠴᠢᠩᠭᠠᠳᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠡᠶ ᠬᠠᠮᠵᠢᠯᠴᠠᠨ ᠦᠢᠯᠡᠳᠪᠦᠷᠢᠯᠡᠯ᠎ᠢ ᠲᠣᠭ᠍ᠲᠠᠭᠤᠨ ᠪᠠᠢᠯᠭᠠᠬᠤ ᠪᠠ ᠵᠠᠬ᠎ᠠ ᠳᠡᠯᠭᠡᠭᠦᠷ᠎ᠤᠨ ᠬᠠᠩᠭᠠᠯᠭ᠎ᠠ᠎ᠵᠢᠨ ᠠᠵᠢᠯ᠎ᠢ ᠰᠠᠢᠲᠤᠷ ᠠᠳᠭᠤᠵᠤ᠂ ᠬᠦᠴᠦᠨ᠎ᠢ ᠵᠣᠬᠢᠶᠠᠨ ᠪᠠᠢᠭᠤᠯᠵᠦ ᠵᠠᠬ᠎ᠠ ᠳᠡᠯᠭᠡᠭᠦᠷ᠎ᠤᠨ ᠭᠣᠣᠯᠳᠠᠯᠭ᠎ᠠ᠎ᠲᠠᠶ ᠪᠠᠢᠴᠠᠭᠠᠯᠲᠠ ᠪᠠ ᠰᠤᠭᠤᠴᠢᠨ ᠪᠠᠢᠴᠠᠭᠠᠬᠤ ᠠᠵᠢᠯᠯᠠᠭ᠎ᠠ ᠦᠷᠨᠢᠭᠦᠯᠦᠨ᠂ ᠬᠠᠩᠭᠠᠯᠭ᠎ᠠ ᠪᠠᠴᠢᠮ᠂ ᠦᠨ᠎ᠡ ᠬᠠᠩᠰᠢ ᠲᠦᠷᠭᠡᠨ ᠥᠰᠦᠭ᠌ᠰᠡᠨ ᠲᠠᠸᠠᠷ᠎ᠢ ᠪᠠᠢᠴᠠᠭᠠᠬᠤ ᠤᠳᠠᠭ᠎ᠠ᠎ᠪᠠᠨ ᠨᠡᠮᠡᠭ᠌ᠳᠡᠭᠦᠯᠦᠨ᠂ ᠬᠤᠷᠠᠮᠳᠤᠭᠤᠯᠤᠨ ᠳᠠᠷᠤᠵᠤ ᠬᠣᠨᠵᠢᠨ ᠵᠠᠪᠱᠢᠬᠤ᠂ ᠦᠨ᠎ᠡ ᠬᠠᠩᠰᠢ᠎ᠶ᠋ᠢ ᠲᠦᠷᠬᠢᠭᠦᠯᠦᠨ ᠥᠰᠭᠡᠬᠦ᠌᠂ ᠰᠥᠯᠪᠡᠭᠡᠯᠳᠦᠨ ᠦᠨ᠎ᠡ ᠬᠠᠩᠰᠢ ᠵᠢ ᠥᠰᠭᠡᠬᠦ᠌ ᠵᠡᠷᠭᠡ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠰᠢᠢᠳᠪᠦᠷᠢᠯᠡᠵᠦ ᠪᠠᠢᠨ᠎ᠠ᠃ ᠡᠭᠦᠨ ᠡᠴᠡ ᠭᠠᠳᠠᠨ᠎ᠠ᠂ ᠠᠮᠠᠪᠴᠢ᠂ ᠠᠷᠢᠭᠤᠳᠭᠠᠬᠤ ᠱᠢᠩᠭᠡᠨ ᠵᠡᠷᠭᠡ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠤᠨ ᠵᠠᠬ᠎ᠠ ᠳᠡᠯᠭᠡᠭᠦᠷ᠎ᠢ ᠱᠠᠯᠠᠪᠳᠠᠭᠤᠯᠤᠨ ᠪᠠᠢᠴᠠᠭᠠᠵᠤ᠂ ᠦᠨ᠎ᠡ ᠬᠠᠩᠰᠢ ᠥᠰᠦᠭ᠌ᠰᠡᠨ ᠮᠡᠳᠡᠭᠡ ᠵᠠᠩᠭᠢ ᠵᠢ ᠲᠠᠷᠬᠠᠭᠠᠬᠤ᠂ ᠦᠨ᠎ᠡ ᠬᠠᠩᠰᠢ᠎ᠶ᠋ᠢ ᠲᠦᠷᠬᠢᠭᠦᠯᠦᠨ ᠥᠰᠭᠡᠬᠦ᠌ ᠵᠡᠷᠭᠡ ᠠᠵᠢᠯᠯᠠᠭ᠎ᠠ᠎ᠶ᠋ᠢ ᠡᠷᠡᠰ ᠬᠣᠷᠢᠭ᠍ᠯᠠᠨ ᠵᠣᠭ᠍ᠰᠣᠭᠠᠵᠤ᠂ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠤᠨ ᠦᠨ᠎ᠡ ᠬᠠᠩᠰᠢ᠎ᠶ᠋ᠢᠨ ᠲᠣᠭ᠍ᠲᠠᠭᠤᠨ ᠪᠠᠢᠬᠤ᠎ᠶ᠋ᠢ ᠪᠠᠲᠤᠯᠠᠨ᠂ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠰᠠᠢᠲᠤᠷ ᠬᠢᠵᠦ ᠪᠠᠢᠨ᠎ᠠ᠃

ᠲᠠᠷᠠᠭᠠᠴᠢ᠎ᠶ᠋ᠢᠨ ᠠᠯᠬᠤᠮ᠎ᠳᠤ᠂ ᠬᠥᠬᠡᠬᠣᠲᠠ ᠠᠷᠭ᠎ᠠ ᠪᠦᠬᠦᠨ᠎ᠢ ᠰᠦᠪᠡᠭ᠌ᠴᠢᠯᠡᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠰᠠᠢᠲᠤᠷ ᠠᠳᠭᠤᠵᠤ᠂ ᠪᠥᠬᠥ᠌ ᠬᠣᠲᠠ᠎ᠶ᠋ᠢᠨ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯ᠎ᠦᠨ ᠪᠣᠷᠣᠯᠠᠭᠤᠯᠭ᠎ᠠ ᠲᠠᠰᠤᠷᠠᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠡᠭᠦᠨ᠎ᠳᠦ᠂ ᠵᠠᠬ᠎ᠠ ᠳᠡᠯᠭᠡᠭᠦᠷ᠎ᠦᠨ ᠬᠢᠨᠠᠨ ᠬᠡᠮᠵᠢᠯᠲᠡ᠎ᠶ᠋ᠢ ᠴᠢᠡᠭᠭᠠᠳᠬᠠᠨ᠂ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯ᠎ᠦᠨ ᠪᠠᠷᠠᠭ᠎ᠠ ᠵᠢ ᠣᠷᠣᠭᠤᠯᠬᠤ᠂ ᠪᠠᠷᠠᠭ᠎ᠠ ᠪᠣᠷᠣᠯᠠᠭᠤᠯᠬᠤ᠂ ᠨᠦᠬᠡᠴᠡ ᠵᠡᠷᠭᠡ ᠪᠠᠢᠳᠠᠯ᠎ᠳᠤ ᠡᠳᠦᠷ᠎ᠤᠨ ᠡᠳᠦᠷ ᠲᠡᠭᠡᠨ ᠮᠡᠳᠡᠭᠦᠯᠬᠦ ᠬᠢᠨᠠᠨ ᠬᠡᠮᠵᠢᠯᠲᠡ᠎ᠵᠢᠨ ᠠᠷᠭ᠎ᠠ᠎ᠶ᠋ᠢ ᠬᠡᠷᠡᠭ᠌ᠵᠢᠭᠦᠯᠵᠦ᠍᠂ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠯᠡᠬᠡ᠎ᠶ᠋ᠢᠨ ᠪᠠᠢᠳᠠᠯ᠎ᠢ ᠴᠠᠭ ᠲᠤᠬᠠᠶ᠎ᠳᠤᠨᠢ ᠡᠵᠡᠮᠳᠡᠨ᠎ᠠ; ᠪᠠᠷᠠᠭᠠᠨ᠎ᠤ ᠢᠷᠡᠯᠲᠡ᠎ᠶ᠋ᠢᠨ ᠵᠣᠬᠢᠶᠠᠨ ᠪᠠᠢᠭᠤᠯᠤᠯᠲᠠ᠎ᠶ᠋ᠢ ᠴᠢᠡᠭᠭᠠᠳᠬᠠᠨ᠂ ᠠᠵᠤ ᠠᠬᠤᠢᠯᠠᠯ᠎ᠢ ᠵᠢᠯᠣᠭᠣᠳᠤᠨ ᠪᠠᠷᠠᠭᠠᠨ᠎ᠤ ᠢᠷᠡᠯᠲᠡ᠎ᠶ᠋ᠢ ᠲᠣᠭ᠍ᠲᠠᠭᠤᠨ ᠪᠠᠢᠯᠭᠠᠨ᠎ᠡ᠃ ᠢᠳᠡᠱᠢᠨ ᠨᠣᠭᠣᠭ᠎ᠠ ᠵᠢ ᠱᠢᠯᠵᠢᠭᠦᠯᠦᠨ ᠲᠡᠭᠡᠭᠡᠪᠦᠷᠢᠯᠡᠬᠦ᠌ 4 ᠵᠤᠷᠪᠤᠰ ᠪᠡᠯᠡᠳᠭᠡᠯ ᠵᠠᠮ ᠱᠤᠭᠤᠮ᠎ᠢ ᠨᠡᠮᠡᠭ᠌ᠳᠡᠭᠦᠯᠬᠦ᠌᠎ᠶ᠋ᠢᠨ ᠬᠠᠮᠲᠤ᠂ ᠪᠤᠭᠤᠲᠤ᠂ ᠤᠯᠠᠭᠠᠨᠴᠠᠪ ᠵᠡᠷᠭᠡ ᠡᠷᠭᠢᠨ ᠲᠣᠭᠣᠷᠢᠨ᠎ᠤ ᠠᠢᠮᠠᠭ ᠬᠣᠲᠠ᠎ᠯᠤᠭ᠎ᠠ ᠬᠠᠩᠭᠠᠯᠭ᠎ᠠ᠎ᠶ᠋ᠢ ᠪᠠᠲᠤᠯᠠᠬᠤ ᠲᠣᠭ᠍ᠲᠠᠴᠠ᠎ᠶ᠋ᠢ ᠪᠠᠢᠭᠤᠯᠵᠤ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠪᠠᠲᠤᠯᠠᠨ᠎ᠠ ; ᠬᠠᠩᠭᠠᠯᠭ᠎ᠠ᠎ᠶ᠋ᠢ ᠪᠠᠲᠤᠯᠠᠬᠤ ᠲᠤᠯᠭᠠᠭᠤᠷᠢᠯᠠᠯ᠎ᠢ ᠴᠢᠡᠭᠭᠠᠳᠬᠠᠨ᠂ ᠭᠤᠤᠯᠳᠠᠭᠤ ᠲᠠᠷᠢᠶᠠᠯᠠᠩ ᠎ᠤᠨ ᠪᠦᠲᠦᠭᠡᠭᠳᠡᠬᠦᠨ ᠎ᠢ ᠪᠥᠭᠡᠮ ᠎ᠢᠶᠡᠷ ᠪᠤᠷᠤᠯᠠᠭᠤᠯᠬᠤ 4 ᠵᠠᠬ᠎ᠠ ᠳᠡᠯᠭᠡᠭᠦᠷ᠂ ᠪᠠᠷᠠᠭᠠᠨ᠎ᠤ ᠭᠦᠶ᠋ᠯᠭᠡᠭᠡ ᠵᠢᠨ ᠲᠣᠬᠢᠷᠠᠭᠤᠯᠤᠨ ᠬᠦᠷᠭᠡᠬᠦ᠌ 4 ᠠᠵᠤ ᠠᠬᠤᠢᠯᠠᠯ᠂ 1200 ᠭᠠᠷᠤᠶ ᠰᠦᠯᠵᠢᠶᠡᠨ ᠴᠡᠭ᠎ᠲᠦ ᠲᠦᠱᠢᠭ᠌ᠯᠡᠨ᠂ ᠵᠠᠬ᠎ᠠ ᠳᠡᠯᠭᠡᠭᠦᠷ ᠎ᠦᠨ ᠬᠠᠩᠭᠠᠯᠭ᠎ᠠ ᠎ᠶ᠋ᠢ ᠪᠠᠲᠤᠯᠠᠨ᠎ᠠ; ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠎ᠡᠷᠴᠢᠮ᠎ᠵᠢᠡᠨ ᠴᠢᠡᠭᠭᠠᠷᠠᠭᠤᠯᠵᠤ᠂ ᠰᠠᠭᠤᠭᠠᠯᠢ ᠠᠷᠠᠳ᠎ᠤᠨ ᠲᠣᠭᠣᠷᠢᠭ᠎ᠢ ᠪᠢᠲᠡᠭᠦᠮᠵᠢᠯᠡᠨ ᠬᠠᠮᠢᠶᠠᠷᠬᠤ᠎ᠳᠤ ᠴᠢᠭ᠌ᠯᠡᠭᠦᠯᠦᠨ᠂ ᠬᠠᠩᠭᠠᠯᠭ᠎ᠠ᠎ᠶ᠋ᠢ ᠪᠠᠲᠤᠯᠠᠬᠤ ᠭᠤᠤᠯᠳᠠᠯᠭ᠎ᠠ ᠲᠠᠢ ᠠᠵᠤ ᠠᠬᠤᠢᠯᠠᠯ ᠬᠢᠭᠡᠳ ᠬᠣᠱᠢᠭᠤ ᠱᠢᠶᠠᠨ ᠲᠣᠭᠣᠷᠢᠭ ᠵᠢᠴᠢ ᠵᠡᠭᠡᠯᠢ ᠭᠤᠳᠤᠮᠵᠢ ᠨᠡᠢᠭᠡᠮ ᠲᠣᠭᠣᠷᠢᠭ᠂ ᠰᠠᠭᠤᠭᠠᠯᠢ ᠠᠷᠠᠳ᠎ᠤᠨ ᠲᠣᠭᠣᠷᠢᠭ᠎ᠤᠨ ᠠᠳᠠᠯ ᠠᠬᠤᠶ᠎ᠶ᠋ᠢ ᠵᠣᠯᠭᠠᠭᠤᠯᠤᠨ ᠬᠠᠩᠭᠠᠬᠤ ᠲᠣᠭ᠍ᠲᠠᠴᠠ᠎ᠶ᠋ᠢ ᠪᠠᠢᠭᠤᠯᠵᠤ᠂ ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠵᠢ ᠪᠥᠬᠥ᠌ ᠬᠦᠴᠦᠨ᠎ᠢᠶᠡᠷ᠎ᠢᠶᠡᠨ ᠪᠠᠲᠤᠯᠠᠨ᠎ᠠ᠃ ᠡᠭᠦᠨ᠎ᠦ ᠬᠠᠮᠲᠤ᠂《ᠱᠧᠩ ᠲᠢᠶᠠᠨ ᠰᠢᠨ᠎ᠡ ᠰᠤᠷᠭᠤᠭ ᠢᠳᠡᠰᠢᠨ ᠨᠤᠭᠤᠭ᠎ᠠ》 ᠵᠡᠷᠭᠡ ᠡᠯᠧᠺᠲ᠋ᠷᠣᠨ ᠬᠤᠳᠠᠯᠳᠤᠭᠠᠨ᠎ᠤ ᠲᠣᠬᠢᠷᠠᠭᠤᠯᠤᠨ ᠬᠦᠷᠭᠡᠬᠦ᠌ ᠳᠠᠪᠠᠭᠤᠯᠢᠭ ᠪᠠ ᠸᠸᠢ ᠳ᠋ᠦᠸᠸ ᠯᠢ᠂ ᠬᠤᠸᠠ ᠯᠢᠶᠠᠨ ᠵᠡᠷᠭᠡ ᠬᠡᠯᠬᠢᠶ᠎ᠡ ᠬᠠᠮ ᠳᠡᠯᠭᠡᠭᠦᠷ᠎ᠦᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠰᠠᠭᠤᠭᠠᠯᠢ ᠠᠷᠠᠳ᠎ᠤᠨ ᠥᠪᠡᠷᠮᠢᠴᠡ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面