2021-10-26 13:20:48
10 ᠰᠠᠷ᠎ᠠ᠎ᠶᠢᠨ 25᠎ᠤ ᠡᠳᠦᠷ᠂ ᠡᠵᠡᠨ ᠬᠣᠷᠣᠭ᠎ᠠ ᠬᠣᠱᠢᠭᠤᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠮᠡᠳᠡᠭᠦᠯᠦᠯᠲᠡ᠎ᠳᠦ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠦᠷ᠎ᠡ ᠳ᠋ᠦᠩ ᠨᠢ ᠠᠷᠭ᠎ᠠ ᠴᠢᠨᠠᠷᠲᠠᠶ 1 ᠬᠥᠮᠦᠨ ᠢᠯᠡᠷᠡᠪᠡ᠃
10 ᠰᠠᠷ᠎ᠠ᠎ᠶᠢᠨ 24 ᠦ ᠡᠳᠦᠷ᠂ ᠡᠵᠡᠨ ᠬᠣᠷᠣᠭ᠎ᠠ ᠬᠣᠱᠢᠭᠤᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠨᠢ ᠪᠠᠶᠠᠨᠨᠠᠭᠤᠷ ᠬᠣᠲᠠ᠎ᠶᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠮᠡᠳᠡᠭ᠌ᠳᠡᠯ᠎ᠢ ᠣᠯᠵᠤ᠂ ᠪᠠᠶᠠᠨᠨᠠᠭᠤᠷ ᠬᠣᠲᠠ᠎ᠡᠴᠡ ᠡᠵᠡᠨ ᠬᠣᠷᠣᠭ᠎ᠠ ᠬᠣᠱᠢᠭᠤᠨ᠎ᠳᠤ ᠬᠦᠷᠴᠦ᠍ ᠨᠡᠭᠦᠷᠡᠰᠦ ᠵᠥᠭᠡᠭᠡᠪᠦᠷᠢᠯᠡᠭᠰᠡᠨ ᠶᠢᠨ ᠣᠪᠣᠭ᠍ᠲᠤ ᠵᠢᠯᠣᠭᠣᠴᠢ ᠵᠢᠨ ᠦᠶᠤᠸᠠᠨ ᠱᠢᠶᠠᠨ᠎ᠤ ᠠᠷᠠᠳ᠎ᠤᠨ ᠡᠮᠨᠡᠯᠭᠡ᠎ᠶᠢᠨ ᠬᠣᠷᠢᠶᠠᠨ ᠳ᠋ᠤ ᠬᠢᠯᠭᠡᠭᠰᠡᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠦᠷ᠎ᠡ ᠳ᠋ᠦᠩ᠎ᠨᠢ ᠰᠡᠵᠢᠭ᠌ᠯᠡᠯᠲᠡᠶ ᠠᠷᠭ᠎ᠠ ᠴᠢᠨᠠᠷᠲᠠᠶ ᠪᠣᠯᠪᠠ᠃ ᠵᠢᠨ ᠣᠪᠣᠭ᠍ᠲᠤ᠂ ᠡᠷᠡᠭ᠌ᠲᠡᠶ᠂ 39 ᠨᠠᠰᠤᠲᠠᠶ᠂ ᠣᠲᠣ ᠪᠠᠶᠠᠨᠨᠠᠭᠤᠷ ᠬᠣᠲᠠ᠎ᠶᠢᠨ ᠦᠶᠤᠸᠠᠨ ᠱᠢᠶᠠᠨ᠎ᠤ ᠱᠧᠩ ᠱ᠌ᠢ ᠰᠠᠭᠤᠭᠠᠯᠢ ᠲᠣᠭᠣᠷᠢᠭ᠎ᠲᠤ ᠰᠠᠭᠤᠵᠤ ᠪᠠᠢᠨ᠎ᠠ᠃
10 ᠰᠠᠷ᠎ᠠ᠎ᠶᠢᠨ 25 ᠤ ᠡᠳᠦᠷ᠂ ᠣᠷᠳᠣᠰ ᠬᠣᠲᠠ᠎ᠶᠢᠨ ᠬᠣᠶᠠᠳᠤᠭᠠᠷ ᠠᠷᠠᠳ᠎ᠤᠨ ᠡᠮᠨᠡᠯᠭᠡ᠎ᠶᠢᠨ ᠬᠣᠷᠢᠶᠠᠨ ᠳ᠋ᠤ ᠬᠢᠯᠭᠡᠭᠰᠡᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠳ᠋ᠦᠩ ᠳ᠋ᠤᠨᠢ ᠠᠷᠭ᠎ᠠ ᠴᠢᠨᠠᠷ ᠢᠯᠡᠷᠡᠵᠤ᠂ ᠣᠷᠳᠣᠰ ᠬᠣᠲᠠ᠎ᠶᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠡᠴᠡ ᠳᠠᠬᠢᠨ ᠬᠠᠷᠭᠤᠭᠤᠯᠤᠭᠠᠳ ᠮᠦᠨ ᠠᠷᠭ᠎ᠠ ᠴᠢᠨᠠᠷ ᠢᠯᠡᠷᠡᠵᠤ᠂ ᠣᠲᠣ ᠨᠢᠭᠡᠨᠲᠡ ᠣᠷᠳᠣᠰ ᠬᠣᠲᠠ᠎ᠶᠢᠨ ᠬᠣᠶᠠᠳᠤᠭᠠᠷ ᠠᠷᠠᠳ᠎ᠤᠨ ᠡᠮᠨᠡᠯᠭᠡ᠎ᠶᠢᠨ ᠬᠣᠷᠢᠶᠠᠨᠳ᠋ᠦ ᠲᠤᠰᠠᠭᠠᠷᠯᠠᠨ ᠠᠨᠠᠭᠠᠬᠤ ᠤᠬᠠᠭᠠᠨ᠎ᠤ ᠠᠵᠢᠭ᠍ᠯᠠᠯᠲᠠᠬᠢᠵᠤ᠂ ᠪᠤᠰᠤᠳ ᠬᠠᠮᠢᠶ᠎ᠠ ᠪᠥᠬᠥᠶ ᠲᠠᠬᠤᠯ ᠡᠪᠡᠳᠴᠢᠨ᠎ᠦ ᠪᠠᠢᠴᠠᠭᠠᠯᠲᠠ᠂ ᠰᠢᠭᠰᠢᠨ ᠪᠠᠢᠴᠠᠭᠠᠬᠤ ᠬᠠᠮᠢᠶᠠᠷᠤᠨ ᠡᠵᠡᠮᠳᠡᠬᠦ᠌᠂ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠵᠡᠷᠭᠡ ᠠᠵᠢᠯ ᠶᠠᠭ ᠶᠠᠪᠤᠭ᠍ᠳᠠᠵᠤ ᠪᠣᠶ᠃
ᠡᠵᠡᠨ ᠬᠣᠷᠣᠭ᠎ᠠ ᠬᠣᠱᠢᠭᠤᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠠᠴᠠ ᠥᠷᠭᠡᠨ ᠣᠯᠠᠨ ᠰᠠᠭᠤᠭᠠᠯᠢ ᠠᠷᠠᠳ᠎ᠢ ᠠᠶᠤᠵᠤ ᠰᠠᠨᠳᠤᠷᠬᠤ ᠬᠡᠷᠡᠭ ᠥᠬᠡᠶ᠂ ᠴᠤᠤᠷᠬᠠᠯ᠎ᠢ ᠢᠲᠡᠭᠡᠬᠦ᠌ ᠥᠬᠡᠶ᠂ ᠴᠤᠤᠷᠬᠠᠯ᠎ᠢ ᠲᠠᠷᠬᠠᠭᠠᠬᠤ ᠥᠬᠡᠶ᠂ ᠰᠠᠨᠠᠭᠠᠴᠢᠯᠠᠭ᠎ᠠ᠎ᠠᠴᠠ᠎ᠪᠠᠨ ᠬᠤᠪᠢ ᠬᠥᠮᠦᠨ᠎ᠦ ᠰᠡᠷᠭᠡᠢᠯᠡᠯᠳᠡ ᠬᠠᠮᠠᠭᠠᠯᠠᠯᠲᠠ᠎ᠪᠡᠨ ᠰᠠᠢᠲᠤᠷ ᠬᠢᠵᠦ᠍᠂ ᠠᠮᠤᠷ ᠲᠦᠪᠱᠢᠨ ᠨᠡᠢᠭᠡᠮ᠎ᠦᠨ ᠬᠠᠷᠢᠯᠴᠠᠭᠠᠨ᠎ᠤ ᠵᠠᠶ᠎ᠶᠢ ᠪᠠᠲᠤᠯᠠᠬᠤ ᠬᠡᠷᠡᠭ᠌ᠲᠡᠶ ᠭᠡᠵᠦ᠍ ᠰᠠᠨᠠᠭᠤᠯᠪᠠ ︔ ᠣᠪᠣᠭᠠᠷᠠᠬᠤ ᠦᠭᠡᠢ᠂ ᠴᠤᠭ᠍ᠯᠠᠷᠠᠬᠤ ᠦᠬᠡᠢ᠂ ᠡᠷᠡᠭᠦᠯ ᠴᠢᠭᠢᠷᠠᠭ ᠠᠮᠢᠳᠤᠷᠠᠯ᠎ᠤᠨ ᠠᠷᠭ᠎ᠠ ᠮᠠᠢᠭ᠎ᠢ ᠰᠠᠨᠠᠭᠠᠴᠢᠯᠠᠨ᠎ᠠ ︔ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠰᠠᠨᠠᠭᠠᠴᠢᠯᠠᠭ᠎ᠠ᠎ᠠᠴᠠ᠎ᠪᠠᠨ ᠳᠠᠷᠢᠬᠤ ᠬᠡᠷᠡᠭᠳᠠᠢ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ᠎ᠦ ᠪᠠᠢᠳᠠᠯ ᠢᠯᠡᠷᠡᠪᠡᠯ᠂ ᠳᠠᠷᠤᠢᠬᠠᠨ ᠣᠢᠷ᠎ᠠ ᠬᠠᠪᠢ᠎ᠶᠢᠨ ᠬᠠᠯᠠᠭᠤᠷᠠᠯ᠎ᠤᠨ ᠡᠭᠦᠳᠡᠨ ᠡᠮᠨᠡᠯᠭᠡ᠎ᠳᠦ ᠬᠦᠷᠴᠦ᠍ ᠡᠮᠨᠡᠭᠦᠯᠬᠦ᠌᠎ᠶᠢᠨ ᠬᠠᠮᠲᠤ 14 ᠡᠳᠦᠷ᠎ᠦᠨ ᠠᠶᠠᠯᠠᠭᠰᠠᠨᠵᠠᠮ ᠮᠥᠷ ᠵᠢᠴᠢ ᠣᠢᠷᠠᠲᠤᠭ᠍ᠰᠠᠨ ᠥᠩᠭᠡᠷᠡᠯᠲᠡ ᠪᠠᠨ ᠰᠠᠨᠠᠭᠠᠴᠢᠯᠠᠭ᠎ᠠ᠎ᠠᠴᠠ᠎ᠪᠠᠨ ᠮᠡᠳᠡᠭ᠌ᠳᠡᠬᠦ᠌ ᠬᠡᠷᠡᠭ᠌ᠲᠡᠶ᠃ ᠡᠮᠨᠡᠭᠦᠯᠬᠦ᠌ ᠪᠥᠬᠥ᠌ ᠶᠠᠪᠤᠴᠠ᠎ᠳᠤ ᠠᠮᠠᠪᠴᠢ ᠵᠡᠭᠦᠵᠦ᠍᠂ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠬᠤ᠎ᠠᠴᠠ ᠠᠯᠢ ᠴᠢᠳᠠᠬᠤ᠎ᠪᠠᠷ ᠵᠠᠢᠯᠠᠰᠭᠢᠨ᠎ᠡ ᠃
ᠢᠷᠡᠯᠳᠡ᠄ ᠲᠦᠪ ᠷᠠᠳᠢᠣ᠋ ᠵᠢᠨ ᠰᠦᠯᠵᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃