ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-10-26 13:19:02

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠢᠵᠢᠭ᠎ᠦᠨ ᠪᠠᠢᠳᠠᠯ᠎ᠤᠨ ᠨᠥᠯᠥᠭᠡ᠎ᠡᠴᠡ ᠪᠣᠯᠵᠣ᠂ ᠪᠥᠬᠥ᠌ ᠬᠣᠲᠠ᠎ᠶ᠋ᠢᠨ ᠱᠢᠤᠳᠠᠨ᠂ ᠲᠦᠷᠭᠡᠨ ᠬᠦᠷᠭᠡᠯᠳᠡ᠎ᠶ᠋ᠢᠨ ᠬᠡᠷᠡᠭ᠌ᠯᠡᠭ᠌ᠴᠢᠳ᠎ᠲᠦ ᠦᠭᠬᠦ ᠰᠠᠨᠠᠭᠤᠯᠤᠮᠵᠢ ᠳᠤᠤᠷᠠᠬᠢ ᠮᠡᠲᠦ ᠄

ᠨᠢᠭᠡ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠦᠨᠳᠦᠰᠦᠯᠡᠨ᠂ ᠪᠥᠬᠥ᠌ ᠬᠣᠲᠠ᠎ᠶ᠋ᠢᠨ ᠱᠢᠤᠳᠠᠨ᠂ ᠲᠦᠷᠭᠡᠨ ᠬᠦᠷᠭᠡᠯᠲᠡ᠎ᠶ᠋ᠢᠨ ᠦᠶ᠋ᠯᠡᠴᠢᠯᠡᠭᠡ᠎ᠳᠦ ᠲᠦᠷ ᠴᠠᠭ ᠰᠠᠭᠠᠲᠠᠬᠤ ᠪᠤᠶᠤ ᠬᠢᠵᠢᠭ᠎ᠲᠦ ᠬᠣᠯᠪᠣᠭ᠍ᠳᠠᠭᠰᠠᠨ ᠣᠷᠣᠨ᠎ᠳᠦ ᠪᠢᠲᠡᠭᠦᠮᠵᠢᠯᠡᠭ᠌ᠰᠡᠨ ᠴᠢᠨᠠᠷᠲᠠᠶ ᠬᠠᠮᠢᠶᠠᠷᠤᠯᠲᠠ ᠵᠢ ᠬᠡᠷᠡᠭ᠌ᠵᠢᠭᠦᠯᠦᠭ᠌ᠰᠡᠨ᠎ᠡᠴᠡ ᠪᠣᠯᠵᠣ ᠦᠶ᠋ᠯᠡᠴᠢᠯᠡᠭᠡ ᠭᠥᠯᠢᠶᠡᠨ ᠠᠪᠬᠤ ᠪᠠ ᠲᠣᠮᠢᠯᠠᠬᠤ᠎ᠶ᠋ᠢ ᠲᠦᠷ ᠵᠣᠭ᠍ᠰᠣᠭᠠᠬᠤ ᠵᠡᠷᠭᠡ ᠪᠠᠢᠳᠠᠯ ᠭᠠᠷᠴᠤ᠌ ᠮᠡᠳᠡᠨ᠎ᠡ᠂ ᠥᠷᠭᠡᠨ ᠣᠯᠠᠨ ᠬᠡᠷᠡᠭ᠌ᠯᠡᠭ᠌ᠴᠢ ᠣᠨᠴᠠᠭᠠᠶ ᠴᠠᠭ ᠦᠶ᠎ᠡ᠎ᠳᠦ ᠢᠯᠡᠷᠡᠵᠦ᠍ ᠮᠡᠳᠡᠬᠦ᠌ ᠦᠶ᠋ᠯᠡᠴᠢᠯᠡᠭᠡ ᠵᠢᠨ ᠬᠡᠪ᠎ᠤᠨ ᠪᠤᠰᠤ ᠪᠠᠢᠳᠠᠯ᠎ᠢ ᠤᠢᠯᠠᠭᠠᠨ ᠳᠡᠮᠵᠢᠬᠦ᠌ ᠪᠣᠯᠪᠠᠦ᠃

ᠬᠣᠶᠠᠷ᠂ ᠲᠠᠨ᠎ᠤ ᠰᠢᠤᠳᠠᠨ᠂ ᠲᠦᠷᠭᠡᠨ ᠬᠦᠷᠭᠡᠯᠲᠡ᠎ᠪᠠᠨ ᠠᠮᠵᠢᠯᠳᠠ ᠲᠠᠢ ᠬᠦᠯᠢᠶᠡᠨ ᠠᠪᠬᠤ ᠵᠢ ᠪᠠᠲᠤᠯᠠᠬᠤ᠎ᠶ᠋ᠢᠨ ᠲᠥᠯᠥᠭᠡ᠂ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠲᠠᠶ ᠬᠠᠷᠢᠯᠴᠠᠭᠠᠷᠠᠶ᠂ ᠪᠠᠰᠠ ᠡᠯ᠎ᠡ ᠠᠵᠤ ᠠᠬᠤᠢᠯᠠᠯ᠎ᠤᠨ ᠠᠯᠪᠠᠨ ᠰᠦᠯᠵᠢᠶ᠎ᠡ᠎ᠶ᠋ᠢᠨ ᠵᠠᠷᠯᠠᠯ ᠪᠤᠶᠤ ᠠᠯᠪᠠᠨ ᠵᠢᠷᠬᠢᠶ᠎ᠠ ᠵᠢ ᠠᠩᠬᠠᠷᠴᠤ᠌᠂ ᠬᠠᠮᠢᠶ᠎ᠠ ᠪᠥᠬᠥᠶ ᠮᠡᠳᠡᠭᠡ ᠵᠠᠩᠭᠢ᠎ᠶ᠋ᠢ ᠣᠢᠯᠠᠭᠠᠵᠤ ᠪᠣᠯᠤᠨ᠎ᠠ᠃

ᠭᠤᠷᠪᠠ᠂ ᠱᠢᠤᠳᠠᠨ᠂ ᠲᠦᠷᠭᠡᠨ ᠬᠦᠷᠭᠡᠯᠳᠡ᠎ᠶ᠋ᠢᠨ ᠴᠡᠭ᠎ᠲᠦ ᠲᠤᠬᠠᠢᠯᠠᠭ᠍ᠰᠠᠨ ᠠᠵᠢᠯ ᠭᠦᠶ᠋ᠴᠡᠳᠭᠡᠬᠦ᠌᠎ᠳᠡᠭᠡᠨ ᠠᠮᠠᠪᠴᠢ ᠵᠡᠭᠦᠵᠦ᠍᠂ ᠲᠦᠷᠭᠡᠨ ᠬᠦᠷᠭᠡᠯᠳᠡ ᠵᠢᠨ ᠠᠵᠢᠯᠲᠠᠨ᠎ᠲᠠᠶ ᠰᠠᠨᠠᠭᠠᠴᠢᠯᠠᠭ᠎ᠠ᠎ᠠᠴᠠ᠎ᠪᠠᠨ ᠬᠠᠮᠵᠢᠯᠴᠠᠨ ᠪᠡᠶ᠎ᠡ᠎ᠶ᠋ᠢᠨ ᠲᠤᠯᠠᠭᠠᠨ᠎ᠢ ᠬᠡᠮᠵᠢᠬᠦ᠌᠂ ᠺᠣᠳ᠋ ᠱᠢᠷᠪᠢᠬᠦ᠌᠂ ᠵᠦᠶ ᠵᠣᠬᠢᠰᠲᠠᠶ ᠵᠠᠶ᠎ᠶ᠋ᠢ ᠪᠠᠲᠤᠯᠠᠬᠤ᠂ ᠣᠷᠳᠣ ᠬᠤᠭᠤᠴᠠᠭ᠎ᠠ ᠰᠠᠭᠠᠲᠠᠬᠤ ᠥᠬᠡᠶ ᠪᠠᠢᠬᠤ ᠵᠢ ᠪᠠᠳᠤᠯᠠᠬᠤ ᠬᠡᠷᠡᠭᠳᠠᠢ᠃

ᠳᠥᠷᠪᠡ᠂ ᠬᠡᠷᠡᠭ᠌ᠯᠡᠭ᠌ᠴᠢᠳ ᠲᠦᠷᠭᠡᠨ ᠬᠦᠷᠭᠡᠯᠳᠡ᠎ᠶ᠋ᠢᠨ ᠠᠵᠢᠯᠳᠠᠨ ᠲᠠᠢ ᠬᠠᠷᠢᠯᠴᠠᠬᠤ᠎ᠪᠡᠨ ᠴᠢᠩᠭᠠᠳᠭᠠᠵᠤ᠂ ᠠᠮᠤᠷ ᠲᠦᠪᠱᠢᠨ᠎ᠦ ᠠᠷᠭ᠎ᠠ ᠮᠠᠶᠢᠭ᠎ᠢ ᠬᠡᠷᠡᠭ᠌ᠯᠡᠨ ᠱᠢᠤᠳᠠᠨ᠂ ᠲᠦᠷᠭᠡᠨ ᠬᠦᠷᠭᠡᠯᠳᠡ᠎ᠵᠢ ᠢᠯᠡᠭᠡᠬᠦ ᠪᠠ ᠭᠥᠯᠢᠶᠡᠨ ᠠᠪᠬᠤ᠎ᠶ᠋ᠢ ᠪᠡᠶᠡᠯᠡᠭᠦᠯᠵᠦ᠍᠂ ᠪᠣᠯᠵᠣᠭ᠍ᠰᠠᠨ ᠦᠶ᠋ᠯᠡᠴᠢᠯᠡᠭᠡ᠂ ᠤᠶᠤᠨᠲᠤ ᠲᠦᠷᠭᠡᠨ ᠬᠦᠷᠭᠡᠯᠳᠡ᠎ᠶ᠋ᠢᠨ ᠬᠠᠢᠷᠴᠠᠭ ᠵᠡᠷᠭᠡ ᠬᠦᠷᠦᠯᠴᠡᠬᠦ᠌ ᠥᠬᠡᠶ ᠠᠷᠭ᠎ᠠ ᠮᠠᠶᠢᠭ᠎ᠢᠶᠠᠷ ᠳᠠᠮᠵᠢᠨ ᠱᠢᠤᠳᠠᠨ᠂ ᠲᠦᠷᠭᠡᠨ ᠬᠦᠷᠭᠡᠯᠳᠡ᠎ᠶ᠋ᠢ ᠢᠯᠡᠭᠡᠬᠦ ᠪᠡ ᠭᠥᠯᠢᠶᠡᠨ ᠠᠪᠬᠤ᠎ᠶ᠋ᠢ ᠰᠠᠨᠠᠭᠠᠴᠢᠯᠠᠵᠤ᠂ ᠱᠢᠭᠤᠳ ᠬᠦᠷᠦᠯᠴᠡᠬᠦ᠌᠎ᠶ᠋ᠢ ᠪᠠᠭᠠᠰᠭᠠᠨ᠎ᠠ᠃ ᠦᠨᠡᠨ ᠬᠦ᠌ ᠨᠢᠭᠤᠷᠲᠠᠨ ᠭᠥᠯᠢᠶᠡᠨ ᠠᠪᠬᠤ ᠪᠤᠶᠤ ᠢᠯᠡᠭᠡᠬᠦ᠌ ᠴᠢᠬᠤᠯᠠᠲᠠᠶ ᠪᠣᠯ᠂ ᠨᠢᠭᠡ ᠯᠡ ᠤᠳᠠᠭ᠎ᠠ᠎ᠶ᠋ᠢᠨ ᠴᠢᠨᠠᠷᠲᠠᠶ ᠪᠡᠭᠡᠯᠡᠶ ᠵᠡᠭᠦᠭᠦ᠎ᠶ᠋ᠢᠨ ᠬᠠᠮᠲᠤ ᠠᠮᠠᠪᠴᠢ ᠵᠡᠭᠦᠵᠦ᠍᠂ ᠰᠢᠤᠳᠠᠨ᠂ ᠲᠦᠷᠭᠡᠨ ᠬᠦᠷᠭᠡᠯᠳᠡ᠎ᠵᠢ ᠬᠣᠶᠠᠳᠠᠬᠢ ᠤᠳᠠᠭ᠎ᠠ ᠠᠷᠢᠭᠤᠳᠭᠠᠬᠤ᠎ᠶ᠋ᠢᠨ ᠬᠠᠮᠲᠤ ᠪᠣᠭᠣᠳᠠᠯ᠎ᠤᠨ ᠳᠣᠲᠣᠷᠠᠬᠢ ᠵᠦᠶ᠋ᠯ᠎ᠢ ᠠᠪᠴᠤ᠌ ᠭᠠᠷᠭᠠᠭ᠍ᠰᠠᠨ᠎ᠤ ᠳᠠᠷᠠᠭ᠎ᠠ ᠴᠠᠭ ᠲᠤᠬᠠᠶ᠎ᠳᠤᠨᠢ ᠭᠠᠷ᠎ᠢᠶᠠᠨ ᠤᠬᠢᠶᠠᠬᠤ ᠬᠡᠷᠡᠭ᠌ᠲᠡᠢ᠃

ᠲᠠᠪᠤ᠂ ᠬᠡᠷᠪᠡ ᠱᠢᠦᠳᠠᠨ᠎ᠤ ᠠᠵᠤ ᠠᠬᠤᠢᠯᠠᠯ ᠪᠤᠶᠤ ᠲᠦᠷᠭᠡᠨ ᠬᠦᠷᠭᠡᠯᠳᠠ ᠵᠢᠨ ᠠᠵᠤ ᠠᠬᠤᠢᠯᠠᠯ᠎ᠳᠤ ᠵᠠᠭᠠᠯᠳᠤᠭ᠍ᠰᠠᠨ᠎ᠤ ᠳᠠᠷᠠᠭ᠎ᠠ 7 ᠡᠳᠦᠷ᠎ᠦᠨ ᠳᠣᠲᠣᠷ᠎ᠠ ᠬᠠᠷᠢᠭᠤᠯᠲᠠ ᠣᠯᠤᠭ᠍ᠰᠠᠨ ᠦᠭᠡᠶ ᠪᠣᠯ᠂ ᠬᠡᠷᠡᠭ᠌ᠯᠡᠭ᠌ᠴᠢᠳ 《12305》 ᠱᠢᠦᠳᠠᠨ᠎ᠤ ᠲᠦᠷᠭᠡᠨ ᠬᠦᠷᠭᠡᠯᠳᠠ ᠵᠢᠨ ᠠᠵᠢᠯ ᠲᠦᠷᠦᠯ᠎ᠦᠨ ᠬᠡᠷᠡᠭ᠌ᠯᠡᠭ᠌ᠴᠢᠳ᠎ᠤᠨ ᠭᠣᠮᠣᠳᠠᠯ ᠲᠣᠭᠠᠴᠢᠬᠤ ᠤᠳᠠᠰᠤᠨ ᠳ᠋ᠦ ᠭᠣᠮᠣᠳᠠᠯ ᠲᠣᠭᠠᠴᠢᠵᠤ ᠪᠣᠯᠤᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠢᠯᠡᠭᠡᠵᠦ ᠳᠠᠮᠵᠢᠭᠤᠯᠬᠤ ᠦᠢᠯᠡᠴᠢᠯᠡᠭᠡ᠎ᠳᠦ ᠤᠴᠠᠷᠠᠭ᠍ᠰᠠᠨ ᠨᠥᠯᠥᠭᠡ᠎ᠶ᠋ᠢ ᠪᠦᠬᠦ᠌ ᠬᠤᠳᠠ᠎ᠶ᠋ᠢᠨ ᠠᠷᠠᠳ ᠤᠯᠠᠨ ᠣᠢᠯᠠᠭᠠᠵᠤ ᠳᠡᠮᠵᠢᠭ᠌ᠰᠡᠨ᠎ᠳᠦ ᠲᠠᠯᠠᠷᠬᠠᠵᠤ ᠪᠠᠢᠨ᠎ᠠ᠃

ᠬᠥᠬᠡᠬᠣᠲᠠ᠎ᠶ᠋ᠢᠨ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ

2021 ᠣᠨ᠎ᠤ 10 ᠰᠠᠷ᠎ᠠ᠎ᠶ᠋ᠢᠨ 24 ᠎ᠤ ᠡᠳᠦᠷ


ᠢᠷᠡᠯᠲᠡ ᠄ 《ᠤᠮᠠᠷᠠᠳᠦ ᠵᠢᠨ ᠰᠢᠨ᠎ᠠ ᠰᠤᠨᠢᠨ》᠎ᠤ ᠵᠢᠷᠬᠢᠶ᠎ᠠ ᠵᠢᠨ ᠲᠡᠪᠴᠡᠡᠭ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面