ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-10-26 12:55:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2021 ᠣᠨ᠎ᠤ 10 ᠰᠠᠷ᠎ᠠ᠎ᠶ᠋ᠢᠨ 23 ᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠳᠣᠲᠣᠯᠠᠭ᠍ᠰᠠᠨ 2 ᠡᠪᠡᠳᠴᠢᠨ᠎ᠦ ᠵᠢᠱ᠌ᠢᠶ᠎ᠡ᠎ᠶ᠋ᠢ ᠮᠡᠳᠡᠭᠦᠯᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠴᠢᠮ ᠪᠠᠢᠳᠠᠯ᠎ᠢ ᠠᠷᠭᠠᠴᠠᠬᠤ ᠪᠡᠯᠡᠳᠭᠡᠯ ᠲᠥᠰᠦᠯ(ᠲᠠᠪᠤᠳᠤᠭᠠᠷ ᠬᠡᠪᠯᠡᠯ)》᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠢ ᠰᠡᠷᠭᠡᠢᠯᠡᠨ ᠡᠵᠡᠮᠳᠡᠬᠦ᠌ ᠭᠤᠷᠪᠠᠳᠤᠭᠠᠷ ᠲᠠᠰ᠎ᠤᠨ ᠤᠷᠢᠳᠴᠢᠯᠡᠨ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠳᠤᠤᠷᠠᠬᠢ ᠮᠡᠲᠦ ᠰᠤᠳᠤᠯᠤᠨ ᠲᠣᠭ᠍ᠲᠠᠭᠠᠪᠠ ᠄

ᠨᠢᠭᠡ ᠂ ᠤᠷᠢᠳᠴᠢᠯᠠᠨ ᠰᠡᠷᠡᠮᠵᠢᠯᠡᠭᠦᠯᠬᠦ᠌ ᠲᠠᠰ ᠵᠢᠴᠢ ᠡᠬᠢᠯᠡᠬᠦ᠌ ᠴᠠᠭ

ᠤᠷᠢᠳᠴᠢᠯᠠᠨ ᠰᠡᠷᠡᠮᠵᠢᠯᠡᠭᠦᠯᠬᠦ᠌ ᠳᠡᠰ ᠄ ᠭᠤᠷᠪᠠᠳᠤᠭᠠᠷ ᠳᠡᠰ᠃

2021 ᠣᠨ᠎ᠤ 10 ᠰᠠᠷ᠎ᠠ᠎ᠶ᠋ᠢᠨ 23 ᠎ᠤ ᠡᠳᠦᠷ᠎ᠡᠴᠡ ᠡᠬᠢᠯᠡᠨ ᠤᠷᠢᠳᠴᠢᠯᠠᠨ ᠰᠡᠷᠡᠮᠵᠢᠯᠡᠭᠦᠯᠬᠦ᠌ ᠬᠤᠭᠤᠴᠠᠭᠠᠨ᠎ᠳᠤ ᠣᠷᠣᠵᠤ᠂ ᠰᠡᠷᠡᠮᠵᠢᠯᠡᠭᠦᠯᠬᠦ᠌ ᠴᠠᠭ᠎ᠨᠢ ᠲᠣᠰ ᠤᠷᠢᠳᠴᠢᠯᠠᠨ ᠰᠡᠷᠡᠮᠵᠢᠯᠡᠭᠦᠯᠬᠦ᠌ ᠵᠠᠷᠯᠠᠯ᠎ᠢ ᠨᠡᠢᠲᠡᠯᠡᠭ᠌ᠰᠡᠨ ᠡᠳᠦᠷ᠎ᠡᠴᠡ 2021 ᠣᠨ᠎ᠤ ᠡᠴᠦᠰ ᠪᠣᠯᠲᠠᠯ᠎ᠠ ᠦᠷᠭᠦᠯᠵᠢᠯᠡᠨ᠎ᠡ᠃

ᠬᠣᠶᠠᠷ ᠂ ᠠᠩᠬᠠᠷᠬᠤ ᠵᠦᠢᠯ

2021 ᠣᠨ᠎ᠤ 10 ᠰᠠᠷ᠎ᠠ᠎ᠶ᠋ᠢᠨ 16᠎ᠤ ᠡᠳᠦᠷ᠎ᠡᠴᠡ ᠨᠠᠭᠠᠰᠢ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ᠎ᠲᠡᠶ ᠣᠢᠷᠠᠲᠤᠭ᠍ᠰᠠᠨ ᠲᠡᠦᠬᠡ᠎ᠲᠡᠶ ᠪᠤᠶᠤ ᠠᠵᠢᠯᠯᠠᠭ᠎ᠠ᠎ᠶ᠋ᠢᠨ ᠵᠠᠮ ᠮᠥᠷ ᠨᠢ ᠰᠣᠯᠪᠢᠴᠠᠭ᠍ᠰᠠᠨ᠂ ᠳᠠᠪᠬᠤᠴᠠᠭ᠍ᠰᠠᠨ ᠬᠥᠮᠦᠨ᠎ᠲᠡᠶ ᠪᠠᠢᠪᠠᠯ᠂ ᠳᠠᠷᠤᠶ ᠲᠦᠷᠭᠡᠨ ᠰᠠᠨᠠᠭᠠᠴᠢᠯᠠᠭ᠎ᠠ ᠎ᠠᠴᠠ ᠎ᠪᠠᠨ ᠪᠠᠢᠭ᠎ᠠ ᠨᠡᠢᠭᠡᠮ ᠲᠣᠭᠣᠷᠢᠭ (ᠲᠣᠰᠭᠣᠨ)᠂ ᠨᠢᠭᠡᠴᠢ ᠪᠤᠶᠤ ᠪᠠᠭᠤᠳᠠᠯ᠎ᠳᠤ᠎ᠪᠠᠨ ᠣᠷᠣᠵᠤ ᠰᠠᠭᠤᠬᠤ᠎ᠳᠠᠭᠠᠨ ᠭᠤᠶᠤᠴᠢᠯᠠᠨ ᠳᠠᠩᠰᠠᠯᠠᠭᠤᠯᠵᠤ᠂ ᠬᠠᠷᠢᠶ᠎ᠠ ᠭᠠᠵᠠᠷ᠎ᠤᠨ ᠲᠤᠰᠠᠭᠠᠷᠯᠠᠨ ᠠᠵᠢᠭ᠍ᠯᠠᠬᠤ ᠂ ᠪᠥᠭᠡᠮ ᠬᠦᠴᠢᠯ᠎ᠦᠨ ᠱᠢᠯᠭᠠᠨ ᠪᠠᠢ᠌ᠴᠠᠭᠠᠯᠳᠡ ᠬᠢᠬᠦ᠌ ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠬᠦ᠌ ᠵᠡᠷᠭᠡ ᠠᠵᠢᠯ᠎ᠢ ᠢᠳᠡᠪᠬᠢᠲᠡᠶ ᠰᠠᠢᠲᠤᠷ ᠬᠢᠬᠦ᠌᠎ᠶ᠋ᠢᠨ ᠬᠠᠮᠲᠤ ᠪᠦᠬᠦᠨ᠎ᠢ ᠨᠡᠢᠭᠡᠮ ᠲᠣᠭᠣᠷᠢᠭ᠎ᠤᠨ ᠬᠠᠮᠢᠶᠠᠷᠤᠯᠲᠠ᠎ᠳᠤ ᠣᠷᠣᠭᠤᠯᠬᠤ ᠬᠡᠷᠡᠭ᠌ᠲᠡᠶ᠃ ᠣᠢᠷ᠎ᠠ᠎ᠳᠤ ᠣᠨᠣᠱᠢᠯᠠᠭ᠍ᠳᠠᠭ᠍ᠰᠠᠨ ᠡᠪᠡᠳᠴᠢᠲᠡᠨ᠎ᠲᠡᠶ ᠣᠢᠷᠠᠲᠤᠵᠤ ᠥᠩᠭᠡᠷᠡᠭ᠌ᠰᠡᠨ ᠮᠠᠨ᠎ᠤ ᠬᠣᠲᠠ᠎ᠶ᠋ᠢᠨ ᠬᠥᠮᠦᠰ ᠬᠡᠷᠪᠡ ᠬᠠᠯᠠᠭᠤᠷᠠᠬᠤ᠂ ᠬᠠᠨᠢᠶᠠᠬᠤ ᠂ ᠬᠣᠭᠣᠯᠠᠶ ᠡᠪᠡᠳᠬᠦ᠌᠂ ᠦᠨᠦᠷᠯᠡᠬᠦ᠌ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ᠎ᠦ ᠪᠠᠢᠳᠠᠯ ᠢᠯᠡᠷᠡᠪᠡᠯ᠂ ᠳᠠᠷᠤᠶ ᠲᠦᠷᠭᠡᠨ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠬᠤ᠎ᠶ᠋ᠢ ᠰᠠᠢᠲᠤᠷ ᠬᠢᠵᠦ᠍ ᠬᠠᠯᠠᠭᠤᠷᠠᠯ᠎ᠤᠨ ᠡᠭᠦᠳᠡᠨ ᠡᠮᠨᠡᠯᠭᠡ (ᠡᠮᠴᠢᠯᠡᠭᠡᠨ᠎ᠦ ᠲᠠᠰᠤᠭ ) ᠎ᠶ᠋ᠢᠨ ᠡᠮᠴᠢᠯᠡᠭᠡᠨ᠎ᠦ ᠪᠠᠢᠭᠤᠯᠤᠮᠵᠢ᠎ᠳᠤ ᠬᠦᠷᠴᠦ᠍ ᠡᠮᠨᠡᠭᠦᠯᠵᠦ᠍ ᠂ ᠡᠮᠨᠡᠭᠦᠯᠬᠦ᠌ ᠵᠠᠮ᠎ᠳᠠᠭᠠᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠬᠤ᠎ᠠᠴᠠ ᠵᠠᠢᠯᠠᠰᠭᠢᠬᠦ᠌ ᠬᠡᠷᠡᠭ᠌ᠲᠡᠶ᠃

ᠡᠯ᠎ᠡ ᠬᠣᠱᠢᠭᠤ ᠱᠢᠶᠠᠨ ᠲᠣᠭᠣᠷᠢᠭ᠂ ᠡᠯ᠎ᠡ ᠨᠢᠭᠡᠴᠢ᠎ᠶ᠋ᠢᠨ᠎ᠬᠢᠨ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠣᠰ ᠬᠣᠱᠢᠭᠤ ᠱᠢᠶᠠᠨ ᠲᠣᠭᠣᠷᠢᠭ᠂ ᠲᠣᠰ ᠨᠢᠭᠡᠴᠢ᠎ᠶ᠋ᠢᠨ ᠣᠨᠣᠱᠢᠯᠠᠭ᠍ᠰᠠᠨ ᠡᠪᠡᠳᠴᠢᠨ᠎ᠦ ᠵᠢᠱ᠌ᠢᠶ᠎ᠡ᠎ᠲᠡᠶ ᠣᠢᠷᠠᠲᠤᠭ᠍ᠰᠠᠨ ᠲᠡᠦᠬᠡ᠎ᠲᠡᠶ ᠪᠤᠶᠤ ᠠᠵᠢᠯᠯᠠᠭ᠎ᠠ᠎ᠶ᠋ᠢᠨ ᠵᠠᠮ ᠮᠥᠷ᠎ᠨᠢ ᠰᠣᠯᠪᠢᠴᠠᠭ᠍ᠰᠠᠨ᠂ ᠳᠠᠪᠬᠤᠴᠠᠭ᠍ᠰᠠᠨ ᠬᠥᠮᠦᠰ᠎ᠢ ᠵᠢᠭ᠍ᠰᠠᠭᠠᠨ ᠪᠠᠢᠴᠠᠭᠠᠬᠤ ᠪᠠ ᠬᠠᠮᠢᠶᠠᠷᠤᠨ ᠡᠵᠡᠮᠳᠡᠬᠦ᠌ ᠠᠵᠢᠯ᠎ᠢ ᠴᠢᠩᠭᠠᠳᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠱᠠᠭᠠᠷᠳᠠᠯᠭ᠎ᠠ ᠶᠣᠰᠣᠭᠠᠷ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠡᠯ᠎ᠡ ᠱᠠᠲᠤᠨ᠎ᠤ ᠡᠯ᠎ᠡ ᠲᠥᠷᠥᠯ᠎ᠦᠨ ᠡᠮᠴᠢᠯᠡᠭᠡᠨ᠎ᠦ ᠪᠠᠢᠭᠤᠯᠤᠮᠵᠢ ᠤᠷᠢᠳᠴᠢᠯᠠᠨ ᠪᠠᠢᠴᠠᠭᠠᠵᠤ ᠰᠠᠯᠭᠠᠨ ᠣᠨᠣᠱᠢᠯᠠᠬᠤ ᠪᠠ ᠠᠩᠬ᠎ᠠ ᠣᠨᠣᠱᠢᠯᠠᠬᠤ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ ᠂ ᠢᠯᠠᠩᠭᠤᠶ᠎ᠠ ᠬᠠᠯᠠᠭᠤᠷᠠᠵᠤ ᠪᠠᠢᠭ᠎ᠠ ᠡᠪᠡᠳᠴᠢᠲᠡᠨ᠎ᠡᠴᠡ ᠵᠢᠭᠤᠯᠴᠢᠯᠠᠭ᠍ᠰᠠᠨ ᠲᠡᠦᠬᠡ ᠵᠢᠴᠢ ᠣᠢᠷᠠᠲᠤᠭ᠍ᠰᠠᠨ ᠲᠡᠦᠬᠡ᠎ᠶ᠋ᠢ ᠨᠠᠷᠢᠨ ᠠᠰᠠᠭᠤᠨ ᠯᠠᠪᠯᠠᠬᠤ᠎ᠶ᠋ᠢᠨ ᠬᠠᠮᠲᠤ ᠴᠠᠭ ᠲᠤᠬᠠᠶ᠎ᠳᠤᠨᠢ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠯᠭᠡᠵᠤ᠂ ᠲᠦᠷᠢᠮ ᠲᠣᠭ᠍ᠲᠠᠭᠠᠯ᠎ᠢ ᠴᠢᠩᠭ᠎ᠠ ᠵᠢᠷᠤᠮᠯᠠᠨ ᠱᠢᠶ᠋ᠳᠪᠦᠷᠢᠯᠡᠵᠦ᠍᠂ ᠪᠠᠢᠴᠠᠭᠠᠬᠤ ᠶᠣᠰᠣᠲᠠᠶ᠎ᠶ᠋ᠢ᠎ᠨᠢ ᠪᠦᠬᠦᠨ᠎ᠢ ᠪᠠᠢᠴᠠᠭᠠᠵᠤ᠂ ᠲᠤᠰᠠᠭᠠᠷᠯᠠᠬᠤ ᠴᠢᠬᠤᠯᠠᠲᠠᠶ᠎ᠶ᠋ᠢ᠎ᠨᠢ ᠪᠦᠬᠦᠨ᠎ᠢ ᠲᠤᠰᠠᠭᠠᠷᠯᠠᠵᠤ ᠂ ᠭᠡᠭᠡᠭ᠌ᠳᠡᠬᠦ᠌ ᠥᠬᠡᠶ ᠂ ᠡᠵᠡᠮᠳᠡᠯ᠎ᠡᠴᠡ ᠮᠤᠯᠲᠤᠷᠠᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠤᠯᠤᠰ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠦᠨ ᠱᠠᠭᠠᠷᠳᠠᠯᠭ᠎ᠠ ᠶᠣᠰᠣᠭᠠᠷ᠂ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ᠎ᠦᠨ ᠪᠠᠢᠳᠠᠯ ᠎ᠢ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠲᠠᠰ ᠬᠤᠪᠢᠶᠠᠵᠤ ᠂ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠨᠡᠢᠲᠡᠯᠡᠬᠦ᠌ ᠪᠠ ᠲᠣᠬᠢᠷᠠᠭᠤᠯᠤᠯᠲᠠ ᠬᠢᠨ᠎ᠠ᠃

ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ

2021 ᠣᠨ᠎ᠤ 10 ᠰᠠᠷ᠎ᠠ᠎ᠶ᠋ᠢᠨ 23 ᠎ᠤ ᠡᠳᠦᠷ

ᠢᠷᠡᠯᠳᠡ᠄ 《 ᠡᠷᠡᠭᠦᠯ ᠡᠩᠬᠡ ᠭᠦᠭᠡᠬᠤᠳᠡ》 ᠵᠢᠷᠬᠢᠶ᠎ᠠ ᠵᠢᠨ ᠳᠠᠪᠴᠠᠩ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面