2021-10-26 13:06:39
10 ᠰᠠᠷ᠎ᠠ᠎ᠶᠢᠨ 24 ᠦ ᠦᠳᠡ᠎ᠶᠢᠨ ᠡᠮᠦᠨ᠎ᠡ᠂ ᠬᠥᠬᠡᠬᠣᠲᠠ᠎ᠶᠢᠨ ᠬᠡᠰᠡᠭ ᠨᠡᠢᠭᠡᠮ ᠲᠣᠭᠣᠷᠢᠭ᠎ᠤᠨ ᠵᠢᠷᠬᠢᠶ᠎ᠠ ᠵᠢᠨ ᠬᠤᠯᠪᠤᠭ᠎ᠠ ᠳ᠋ᠦ ᠬᠤᠲᠠ ᠵᠢᠨ ᠠᠷᠠᠳ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠭ᠌ᠦ ᠮᠡᠳᠡᠭᠳᠡᠯ᠎ᠢ ᠵᠠᠯᠭᠠᠭ᠎ᠠ᠎ᠪᠠᠷ ᠭᠥᠯᠢᠶᠡᠨ ᠠᠪᠴᠠᠶ᠃ ᠬᠥᠬᠡᠬᠣᠲᠠ᠎ᠶᠢᠨ ᠬᠡᠰᠡᠭ ᠳᠤᠮᠳᠠᠳᠤ ᠪᠠᠭ᠎ᠠ ᠰᠤᠷᠭᠠᠭᠤᠯᠢ᠎ᠶᠢᠨ ᠬᠡᠷ᠎ᠦᠨ ᠠᠬᠠᠮᠠᠳ ᠴᠤ᠌ ᠰᠤᠷᠭᠠᠭᠤᠯᠢ᠎ᠶᠢᠨ ᠮᠡᠳᠡᠭ᠌ᠳᠡᠯ᠎ᠢ ᠣᠯᠵᠤ᠂ ᠰᠤᠷᠤᠭ᠍ᠴᠢᠳ᠎ᠢ ᠰᠠᠭᠤᠭ᠎ᠠ ᠨᠡᠢᠭᠡᠮ ᠲᠣᠭᠣᠷᠢᠭ᠎ᠲᠠᠭᠠᠨ ᠬᠦᠷᠴᠦ᠍ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ᠃ 10 ᠰᠠᠷ᠎ᠠ᠎ᠶᠢᠨ 23᠎ᠤ ᠡᠳᠦᠷ᠎ᠦᠨ 21 ᠴᠠᠭ᠎ᠤᠨ ᠦᠶ᠎ᠡ᠎ᠪᠡᠷ᠂ ᠱᠢᠨ᠎ᠡ ᠬᠣᠲᠠ ᠲᠣᠭᠣᠷᠢᠭ᠎ᠤᠨ ᠬᠡᠰᠡᠭ ᠰᠠᠭᠤᠭᠠᠯᠢ ᠠᠷᠠᠳ ᠨᠢᠭᠡᠨᠲᠡ ᠮᠡᠳᠡᠭ᠌ᠳᠡᠯ ᠣᠯᠤᠭ᠍ᠰᠠᠨ ᠪᠥᠭᠡᠳ ᠲᠣᠭ᠍ᠲᠠᠭ᠍ᠰᠠᠨ ᠭᠠᠵᠠᠷ᠎ᠲᠤ ᠬᠦᠷᠴᠦ᠍ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠯᠭᠡᠪᠠ᠃
24᠎ᠦ ᠡᠳᠦᠷ᠎ᠦᠨ 11 ᠴᠠᠭ᠎ᠲᠤ᠂ ᠰᠤᠷᠪᠤᠯᠵᠢᠯᠠᠭ᠍ᠴᠢ ᠵᠢᠨ ᠰᠠᠭᠤᠭ᠎ᠠ ᠨᠡᠢᠭᠡᠮ ᠲᠣᠭᠣᠷᠢᠭ᠎ᠲᠤ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠵᠦ ᠡᠬᠢᠯᠡᠯ᠎ᠡ᠃ ᠱᠢᠯᠭᠠᠨ ᠪᠠᠢᠴᠠᠭᠠᠯᠳᠠ ᠵᠢᠨ ᠳᠤᠮᠳᠠ᠂ ᠣᠢᠷ᠎ᠠ ᠬᠠᠪᠢ᠎ᠶᠢᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠴᠦ᠍ ᠬᠣᠢᠨ᠎ᠠ ᠬᠣᠢᠨ᠎ᠠ ᠡᠴᠠ᠎ᠪᠠᠨ ᠱᠢᠯᠭᠠᠨ ᠪᠠᠢᠴᠠᠭᠠᠬᠤ ᠴᠡᠭ᠎ᠲᠦ ᠬᠦᠷᠴᠦ᠍ ᠢᠷᠡᠨ ᠱᠢᠯᠭᠠᠨ ᠪᠠᠢᠴᠠᠭᠠᠯᠳᠠ ᠬᠢᠯᠭᠡᠵᠦ ᠪᠠᠢᠪᠡ᠃ ᠰᠤᠷᠪᠤᠯᠵᠢᠯᠠᠭ᠍ᠴᠢ ᠵᠢᠨ ᠣᠢᠯᠠᠭᠠᠭ᠍ᠰᠠᠨ᠎ᠢᠶᠠᠷ᠂ ᠱᠢᠨ᠎ᠡ ᠬᠣᠲᠠ ᠲᠣᠭᠣᠷᠢᠭ᠎ᠤᠨ ᠯᠤᠤ ᠭᠠᠩ ᠹᠠᠩ ᠨᠡᠢᠭᠡᠮ ᠲᠣᠭᠣᠷᠢᠭ᠎ᠲᠤ 4 ᠪᠥᠭᠡᠮ ᠬᠦᠴᠢᠯ᠎ᠦᠨ ᠱᠢᠯᠭᠠᠨ ᠪᠠᠢᠴᠠᠭᠠᠬᠤ ᠴᠡᠭ ᠭᠠᠷᠭᠠᠵᠤ᠂ ᠣᠢᠷ᠎ᠠ ᠬᠠᠪᠢ᠎ᠶᠢᠨ ᠰᠠᠭᠤᠭᠠᠯᠢ ᠠᠷᠠᠳ ᠶᠠᠭ ᠱᠢᠯᠭᠠᠨ ᠪᠠᠢᠴᠠᠭᠠᠬᠤ ᠴᠡᠭ᠎ᠲᠦ ᠮᠥᠷᠯᠡᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠᠬᠢᠯᠭᠡᠬᠦ ᠪᠡᠨ ᠬᠦᠯᠢᠶᠡᠵᠦ᠍ ᠪᠠᠢᠨ᠎ᠠ᠃ ᠰᠠᠢᠬᠠᠨ ᠲᠣᠭᠣᠷᠢᠭ᠂ ᠢᠦᠢᠴᠢᠤᠸᠠᠨ ᠲᠣᠭᠣᠷᠢᠭ᠂ ᠬᠣᠲᠣᠩ ᠠᠷᠠᠳ᠎ᠤᠨ ᠲᠣᠭᠣᠷᠢᠭ᠎ᠤᠨ ᠣᠯᠠᠨ ᠨᠡᠢᠭᠡᠮ ᠲᠣᠭᠣᠷᠢᠭ ᠴᠤ᠌ ᠵᠠᠯᠭᠠᠭ᠎ᠠ᠎ᠪᠠᠷ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠬᠦ ᠴᠡᠭ ᠭᠠᠷᠭᠠᠪᠠ᠃
ᠣᠢᠯᠠᠭᠠᠭ᠍ᠰᠠᠨ᠎ᠢᠶᠠᠷ᠂ ᠬᠥᠬᠡᠬᠣᠲᠠ 24 ᠦ ᠡᠳᠦᠷ ᠡᠴᠡ ᠡᠬᠢᠯᠡᠨ ᠬᠣᠲᠠ᠎ᠶᠢᠨ ᠬᠠᠷᠢᠶ᠎ᠠ 4 ᠬᠣᠲᠠ᠎ᠶᠢᠨ ᠲᠣᠭᠣᠷᠢᠭ ᠪᠠ ᠲᠦᠮᠡᠳ ᠵᠡᠭᠦᠨ ᠬᠣᠱᠢᠭᠤᠨ᠎ᠤ ᠲᠠᠢᠭ᠎ᠠ ᠮᠤᠳᠤ ᠪᠠᠯᠭᠠᠰᠤᠨ᠎ᠤ ᠭᠤᠤᠯᠳᠠᠯᠭ᠎ᠠ᠎ᠲᠠᠶ ᠣᠷᠣᠨ ᠪᠦᠰᠡ᠎ᠳᠦ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠵᠦ᠍᠂ 24 ᠦ ᠡᠳᠦᠷ᠎ᠦᠨ 12 ᠴᠠᠭ ᠪᠣᠯᠲᠠᠯ᠎ᠠ ᠨᠡᠢᠲᠡ 32412 ᠬᠤᠪᠢ ᠥᠯᠢᠭᠡᠷ ᠬᠡᠪ ᠴᠤᠭ᠍ᠯᠠᠭᠤᠯᠵᠤ᠂ 24360 ᠬᠤᠪᠢ ᠨᠢ ᠨᠢᠭᠡᠨᠲᠡ ᠦᠷ᠎ᠡ ᠳ᠋ᠦᠩ ᠭᠠᠷᠴᠤ᠂ ᠴᠥᠮ ᠪᠢᠯᠢᠭ ᠴᠢᠨᠠᠷ ᠲᠠᠶ ᠪᠠᠢᠵᠤ᠂ ᠪᠠᠰᠠ 8052 ᠬᠤᠪᠢ ᠵᠢᠨ ᠦᠷ᠎ᠡ ᠳ᠋ᠦᠩ᠎ᠢ ᠬᠦᠯᠢᠶᠡᠵᠤ ᠪᠠᠢᠨ᠎ᠠ᠃
ᠣᠳᠣᠬᠠᠨ ᠪᠣᠯᠲᠠᠯ᠎ᠠ ᠬᠥᠬᠡᠬᠣᠲᠠ᠎ᠳᠤ ᠨᠢᠭᠡᠨᠲᠡ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠥᠯᠢᠭᠡᠷ ᠠᠪᠬᠤ ᠴᠡᠭ 1874 ᠲᠣᠬᠢᠷᠠᠭᠤᠯᠵᠤ᠂ ᠥᠯᠢᠭᠡᠷ ᠠᠪᠬᠤ ᠡᠮᠴᠢᠯᠡᠭᠡᠨ᠎ᠦ ᠠᠵᠢᠯᠲᠠᠨ ᠨᠡᠢᠲᠡ 7095 ᠬᠥᠮᠦᠨ ᠪᠠᠢᠨ᠎ᠠ᠂ ᠡᠭᠦᠨ᠎ᠳᠦ ᠭᠤᠷᠪᠠᠳᠤᠭᠠᠷ ᠳᠡᠰ᠎ᠤᠨ ᠡᠮᠨᠡᠯᠭᠡ᠎ᠶᠢᠨ ᠬᠣᠷᠢᠶ᠎ᠠ ᠡᠴᠡ 2121 ᠬᠥᠮᠦᠨ᠂ ᠬᠣᠱᠢᠭᠤ ᠱᠢᠶᠠᠨ ᠲᠣᠭᠣᠷᠢᠭ ᠡᠴᠡ 4974 ᠬᠥᠮᠦᠨ ᠲᠤᠰᠠᠯᠠᠪᠠ᠃ ᠣᠳᠣᠬᠠᠨ᠎ᠳᠤ ᠬᠥᠬᠡᠬᠣᠲᠠ᠎ᠶᠢᠨ ᠡᠯ᠎ᠡ ᠡᠮᠴᠢᠯᠡᠭᠡᠨ᠎ᠦ ᠪᠠᠢᠭᠤᠯᠤᠮᠵᠢ᠎ᠶᠢᠨ ᠨᠥᠭᠡᠴᠡᠯᠡᠭᠰᠡᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠲᠤᠷᠱᠢᠯᠲᠠ᠎ᠶᠢᠨ ᠡᠮ ᠵᠡᠷᠭᠡ ᠬᠣᠷᠣᠭ᠍ᠳᠠᠯ ᠮᠠᠲ᠋ᠧᠷᠢᠶᠠᠯ 71 ᠲᠦᠮᠡᠨ ᠬᠥᠮᠦᠨ᠎ᠢ ᠪᠠᠢᠴᠠᠭᠠᠨ ᠬᠡᠮᠵᠢᠵᠦ᠍ ᠬᠦᠷᠦᠨ᠎ᠠ᠂ ᠭᠤᠷᠪᠠᠳᠠᠬᠢ ᠡᠲᠡᠭᠡᠳ᠎ᠦᠨ ᠱᠢᠯᠭᠠᠨ ᠪᠠᠢᠴᠠᠭᠠᠬᠤ ᠪᠠᠢᠭᠤᠯᠤᠮᠵᠢ᠎ᠶᠢᠨ ᠨᠥᠭᠡᠴᠡᠯᠡᠭᠰᠡᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠲᠤᠷᠱᠢᠯᠲᠠ᠎ᠶᠢᠨ ᠡᠮᠵᠡᠷᠭᠡ ᠬᠣᠷᠣᠭ᠍ᠳᠠᠯ ᠮᠠᠲ᠋ᠧᠷᠢᠶᠠᠯ 149 ᠲᠦᠮᠡᠨ ᠬᠥᠮᠦᠨ᠎ᠢ ᠪᠠᠢᠴᠠᠭᠠᠨ ᠬᠡᠮᠵᠢᠵᠦ᠍ ᠬᠦᠷᠦᠨ᠎ᠠ᠂ ᠪᠤᠰᠤᠳ᠎ᠢ ᠨᠢ ᠶᠠᠭ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ᠎ᠠᠴᠠ ᠪᠠᠴᠢᠮ ᠬᠤᠳᠠᠯᠳᠤᠨ ᠠᠪᠤᠭ᠍ᠰᠠᠨ᠎ᠤ ᠳᠠᠷᠠᠭ᠎ᠠ ᠵᠠᠯᠭᠠᠭ᠎ᠠ᠎ᠪᠠᠷ ᠪᠠᠷᠠᠭ᠎ᠠ ᠬᠦᠷᠭᠡᠵᠦ᠍ ᠪᠠᠢᠨ᠎ᠠ ︔ ᠡᠮᠴᠢᠯᠡᠭᠡᠨ᠎ᠦ ᠬᠠᠮᠠᠭᠠᠯᠠᠯᠲᠠ᠎ᠶᠢᠨ ᠬᠤᠪᠴᠠᠰᠤ᠂ ᠲᠤᠰᠠᠭᠠᠷᠯᠠᠬᠤ ᠬᠤᠪᠴᠠᠰᠤ ᠵᠡᠷᠭᠡ ᠡᠮᠴᠢᠯᠡᠭᠡᠨ᠎ᠦ ᠬᠠᠮᠠᠭᠠᠯᠠᠯᠲᠠ᠎ᠶᠢᠨ ᠡᠳ᠋ ᠪᠣᠳᠠᠰ᠎ᠤᠨ ᠨᠥᠭᠡᠴᠡ ᠴᠦ᠍ ᠭᠦᠢᠴᠡᠳ ᠪᠠᠢᠨ᠎ᠠ᠃





ᠢᠷᠡᠯᠳᠡ᠄ 《ᠦᠪᠦᠷ ᠮᠤᠡᠭᠭᠤᠯ᠎ᠤᠨ ᠡᠳᠦᠷ᠎ᠤᠨ ᠰᠤᠨᠢᠨ》 ᠤ ᠵᠢᠷᠬᠢᠶ᠎ᠠ ᠵᠢᠨ ᠲᠡᠪᠴᠡᠡᠭ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃