ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠱᠢᠨ᠎᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ ᠡᠭᠡᠯᠢᠯᠡᠭᠡ᠎ᠶ᠋ᠢᠨ ᠬᠠᠯᠬᠠᠪᠴᠢ᠎ᠶ᠋ᠢ ᠪᠠᠢᠭᠤᠯᠤᠶ᠎ᠠ

2021-11-15 11:07:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 12— 14 ᠎ᠦ ᠡᠳᠦᠷ ᠪᠤᠯᠲᠠᠯ᠎ᠠ᠂ ᠪᠥᠬᠥ᠌ ᠪᠥᠮᠪᠥᠷᠴᠡᠭ᠎ᠦᠨ ᠠᠩᠬᠠᠳᠠᠭ᠍ᠴᠢ ᠰᠤᠷᠤᠭᠤᠯᠬᠤ ᠮᠠᠶᠢᠬ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ 《2021 ᠣᠨ᠎ᠤ ᠲᠠᠪᠤᠳᠤᠭᠠᠷ ᠬᠤᠭᠤᠴᠠᠭᠠᠨ᠎ᠤ ᠬᠠᠢᠨᠠᠨ ᠎ᠤ ᠣᠯᠠᠨ ᠤᠯᠤᠰ᠎ᠤᠨ ᠡᠷᠡᠭᠦᠯ ᠮᠡᠨᠳᠦ᠍᠎ᠶ᠋ᠢᠨ ᠦᠶ᠋ᠯᠡᠰ᠎ᠦᠨ ᠦᠵᠡᠰᠭᠦᠯᠡᠩ᠎ᠦᠨ ᠴᠤᠭ᠍ᠯᠠᠭᠠᠨ》ᠳ᠋ᠤ ᠳᠡᠯᠭᠡᠨ ᠦᠵᠡᠭᠦᠯᠵᠦ᠍᠂ ᠦᠵᠡᠭ᠌ᠴᠢᠳ ᠲᠤᠬᠠᠶ ᠎ᠶ᠋ᠢᠨ ᠲᠠᠯᠠᠪᠠᠶ ᠎ᠳᠤ ᠰᠤᠷᠤᠭᠤᠯᠬᠤ ᠮᠠᠶᠢᠬ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠬᠡᠷᠡᠭ᠌ᠯᠡᠬᠦ᠌ ᠠᠷᠭ᠎ᠠ᠎ᠶ᠋ᠢ ᠪᠡᠶᠡᠴᠢᠯᠡᠨ ᠣᠢᠯᠠᠭᠠᠵᠠᠭᠠᠪᠠ᠃

ᠰᠤᠷᠤᠭᠤᠯᠬᠤ ᠮᠠᠶᠢᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ ᠨᠢ ᠪᠤᠯᠴᠢᠩ᠎ᠤᠨ ᠲᠠᠷᠢᠯᠭ᠎ᠠ ᠵᠢᠨ ᠬᠢ ᠲᠠᠢ ᠠᠳᠠᠯᠢ ᠲᠥᠷᠥᠯ᠎ᠦᠨ ᠸᠠᠺᠼᠢᠨ᠎ᠢ ᠬᠡᠷᠡᠭ᠌ᠯᠡᠵᠦ᠍᠂ ᠨᠠᠢᠷᠠᠯᠭ᠎ᠠ ᠎ᠶ᠋ᠢ ᠨᠢ ᠬᠤᠪᠢᠷᠠᠭᠤᠯᠤᠭ᠍ᠰᠠᠨ ᠥᠬᠡᠶ᠂ ᠵᠥᠪᠬᠡᠨ ᠠᠳᠠᠯᠢ ᠪᠤᠰᠤ ᠡᠮ ᠥᠭ᠌ᠬᠦ ᠠᠷᠭ᠎ᠠ ᠮᠠᠶᠢᠭ᠎ᠢ ᠬᠡᠷᠡᠭ᠌ᠯᠡᠭ᠌ᠰᠡᠨ ᠪᠠᠢᠨ᠎ᠠ᠃ ᠮᠠᠨᠠᠨᠵᠢᠯᠲᠠ ᠎ᠶ᠋ᠢᠨ ᠰᠤᠷᠤᠭᠤᠯᠬᠤ ᠡᠭᠡᠯᠢᠯᠡᠭᠡ ᠎ᠶ᠋ᠢᠨ ᠲᠠᠷᠢᠯᠭ᠎ᠠ ᠨᠢ ᠮᠠᠨᠠᠨᠵᠢᠭᠤᠯᠤᠭ᠍ᠴᠢ᠎ᠪᠠᠷ ᠸᠠᠺᠼᠢᠨ᠎ᠢ ᠮᠠᠨᠠᠨ᠎ᠤ ᠪᠢᠴᠢᠯ ᠮᠥᠬᠥᠯᠢᠭ ᠪᠣᠯᠭᠠᠨ ᠬᠤᠪᠢᠷᠠᠭᠤᠯᠵᠤ᠂ ᠠᠮᠠ ᠎ᠪᠠᠷ ᠠᠮᠢᠰᠭᠤᠨ ᠣᠷᠣᠭᠤᠯᠬᠤ ᠠᠷᠭ᠎ᠠ ᠎ᠪᠠᠷ ᠠᠮᠢᠰᠭᠤᠯ᠎ᠤᠨ ᠵᠠᠮ ᠪᠠ ᠠᠭᠤᠰᠭᠢᠨ᠎ᠳᠤ ᠣᠷᠣᠭᠤᠯᠵᠤ᠂ ᠰᠠᠯᠢᠰᠤᠲᠤ ᠪᠦᠷᠬᠦᠪᠴᠢ᠎ᠶ᠋ᠢᠨ ᠡᠭᠡᠯᠢᠯᠡᠭᠡ ᠎ᠶ᠋ᠢᠨ ᠠᠵᠢᠯᠯᠠᠭ᠎ᠠ ᠎ᠶ᠋ᠢ ᠬᠥᠭ᠌ᠵᠢᠭᠡᠨ᠎ᠡ᠃ ᠡᠢᠮᠦᠷᠬᠦ᠌ ᠡᠭᠡᠯᠢᠯᠡᠭᠡ ᠵᠢ ᠪᠤᠯᠴᠢᠩ᠎ᠳᠤ ᠲᠠᠷᠢᠯᠭ᠎ᠠ ᠬᠢᠬᠦ ᠪᠡᠷ ᠳᠡᠮᠵᠢᠨ ᠪᠡᠶᠡᠯᠡᠭᠦᠯᠵᠦ ᠳᠡᠢᠯᠬᠦ᠌ ᠥᠬᠡᠶ ᠶᠤᠮ᠃

ᠪᠦᠬᠦ᠌ ᠪᠥᠮᠪᠥᠷᠴᠡᠭ ᠎ᠦᠨ ᠠᠩᠬᠠᠳᠠᠭ᠍ᠴᠢ ᠰᠤᠷᠤᠭᠤᠯᠬᠤ ᠮᠠᠶᠢᠬ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠴᠡᠷᠢᠭ᠎ᠦᠨ ᠶᠠᠪᠤᠳᠠᠯ᠎ᠤᠨ ᠠᠨᠠᠭᠠᠬᠤ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠴᠧᠨ ᠸᠧᠢ ᠠᠺᠠᠳᠧᠮᠢᠴᠢ᠎ᠶ᠋ᠢᠨ ᠪᠦᠯᠬᠦᠮ ᠪᠣᠯᠤᠨ ᠺᠠᠩ ᠰᠢ ᠨᠦᠸᠸ ᠠᠮᠢᠳᠤ ᠪᠣᠳᠠᠰ᠎ᠤᠨ᠎ᠬᠤᠪᠢᠴᠠᠭᠠᠳᠤ ᠺᠣᠮᠫᠠᠨᠢ ᠬᠠᠮᠲᠤᠷᠠᠨ ᠰᠤᠳᠤᠯᠤᠨ ᠨᠡᠭᠡᠭᠡᠪᠡ᠃ ᠣᠳᠣᠬᠠᠨ᠎ᠳᠤ ᠬᠣᠶᠠᠳᠤᠭᠠᠷ ᠬᠤᠭᠤᠴᠠᠭᠠᠨ᠎ᠤ ᠡᠮᠴᠢᠯᠡᠭᠡᠨ᠎ᠦ ᠲᠤᠷᠱᠢᠯᠲᠠ ᠨᠢ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠶᠠᠭ ᠪᠠᠴᠢᠮ ᠬᠡᠷᠡᠭ᠌ᠯᠡᠬᠦ᠌ ᠭᠤᠶᠤᠴᠢᠯᠠᠯ᠎ᠤᠨ ᠠᠵᠢᠯ᠎ᠢ ᠠᠬᠢᠭᠤᠯᠵᠤ ᠪᠠᠢᠨ᠎ᠠ᠃

ᠢᠷᠡᠯᠲᠡ᠄ ᠲᠦᠪ ᠲᠸᠯᠸᠢᠰ᠎ᠤᠨ ᠰᠤᠨᠢᠨ ᠮᠡᠳᠡᠭᠡᠨ᠎ᠤ ᠰᠢᠯᠵᠢᠶ᠎ᠡ᠂ ᠵᠦᠩ ᠰᠢᠨ ᠸᠢᠳᠢᠣ᠋

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄
兼容浏览器的HTML页面